9 ᠰᠠᠷ᠎ᠠ ᠶᠢᠨ 16 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠬᠤᠰᠢᠭᠤᠨ ᠤ ᠰᠣᠶᠣᠯ ᠵᠢᠭᠤᠯᠴᠢᠯᠠᠯ ᠤᠨ | ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠭᠠᠨᠵᠤᠭ᠎ᠠ ᠪᠠᠯᠭᠠᠰᠤᠨ ᠤ ᠵᠠᠰᠠᠭ ᠤᠨ ᠣᠷᠳᠣᠨ᠂ ᠰᠣᠶᠣᠯ | ᠵᠢᠭᠤᠯᠴᠢᠯᠠᠯ ᠤᠨ ᠪᠡᠯᠡ ᠣᠷᠣᠭᠤᠯᠤᠯᠲᠠ᠂ ᠥᠪᠥᠷ ᠮᠣᠩᠭᠤᠯ ᠤᠨ ᠯᠦᠩ ᠵᠢᠶᠦ᠋ᠨ ᠠᠳᠤᠭᠤᠨ ᠤ ᠦᠢᠯᠡᠰ ᠤᠨ | ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠭᠰᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠤᠮᠠᠷᠠᠲᠤ | ᠬᠢᠯᠢ ᠶᠢ ᠰᠤᠶᠤᠯ ᠢᠶᠠᠷ ᠢᠪᠡᠭᠡᠬᠦ ︽ᠭᠤᠶᠢᠳᠠ ᠰᠠᠶᠢᠬᠠᠨ ᠨᠠᠮᠤᠷ · ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ | ᠳᠠᠬᠢ ᠪᠤᠯᠵᠤᠭ᠎ᠠ︾ ᠭᠡᠬᠦ ᠨᠠᠮᠤᠷ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ — ︽ᠬᠤᠷᠴᠢᠨ | ᠮᠣᠷᠢᠨ︾ ᠤ ᠬᠡᠲᠦ ᠤᠷᠤᠯᠳᠤᠭᠠᠨ ᠵᠢᠴᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠤᠷᠢᠨ ᠸᠠᠩ ᠤᠨ | ᠡᠵᠡᠷᠬᠡᠬᠦ ᠤᠷᠤᠯᠳᠤᠭᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠦᠸᠧ ᠸᠠᠩ ᠮᠤᠷᠢᠨ ᠤᠷᠤᠯᠳᠤᠭᠠᠨ ᠤ | ᠲᠠᠯᠠᠪᠠᠢ ᠳᠤ ᠰᠦᠷ ᠬᠦᠭᠵᠢᠶᠡᠨ ᠲᠠᠢ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ | ᠪᠦᠦ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠤ ᠳᠠᠷᠤᠭ᠎ᠠ ᠵᠧᠦ ᠭᠦᠸᠧ ᠭᠠᠩ᠂ | ᠬᠤᠰᠢᠭᠤᠨ ᠤ ᠤᠳᠤᠷᠢᠳᠤᠯᠭ᠎ᠠ ᠳᠡᠯᠭᠡᠷᠰᠠᠩ᠂ ᠸᠧᠨ ᠮᠢᠩ᠂ ᠰᠦᠨ ᠵᠢᠶᠠᠨ ᠸᠧᠨ ᠵᠢᠴᠢ ᠬᠤᠲᠠ᠂ ᠬᠤᠰᠢᠭᠤᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃ | | | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠲᠡᠯᠭᠡᠷᠰᠠᠩ ᠬᠤᠷᠴᠢᠨ ᠵᠡᠬᠦᠨ ᠭᠠᠷᠤᠨ ᠬᠤᠶᠢᠲᠤ ᠬᠤᠰᠢᠭᠤ ᠲᠦᠩᠯᠢᠶᠣᠤ | ᠬᠤᠳᠠ ᠶᠢᠨ ᠬᠤᠷᠢᠨ ᠲᠠᠪᠤᠳᠤᠭᠠᠷ ᠬᠤᠭᠤᠴᠠᠭᠠᠨ ᠤ 8 · 18 ᠵᠢᠷᠢᠮ ᠤᠨ ᠮᠣᠷᠢᠨ ᠤᠷᠤᠯᠳᠤᠭᠠᠨ ᠳᠤ | ᠤᠷᠤᠯᠴᠠᠭᠠᠳ ᠱᠠᠩᠨᠠᠯ ᠬᠦᠷᠳᠡᠭᠰᠡᠨ ᠪᠠᠶᠢᠳᠠᠯ ᠢ ᠮᠡᠳᠡᠭᠳᠡᠪᠡ᠃ ᠸᠧᠨ ᠮᠢᠩ᠂ ᠰᠦᠨ ᠵᠢᠶᠠᠨ ᠸᠧᠨ ᠵᠡᠷᠭᠡ | ᠬᠤᠰᠢᠭᠤᠨ ᠤ ᠤᠳᠤᠷᠢᠳᠤᠯᠭ᠎ᠠ ᠬᠤᠷᠢᠨ ᠲᠠᠪᠤᠳᠤᠭᠠᠷ ᠬᠤᠭᠤᠴᠠᠭᠠᠨ ᠤ 8 · 18 ᠵᠢᠷᠢᠮ ᠮᠣᠷᠢᠨ ᠤᠷᠤᠯᠳᠤᠭᠠᠨ ᠤ | ᠱᠠᠩᠨᠠᠯ ᠬᠦᠷᠲᠡᠭᠰᠡᠨ ᠬᠦᠯᠦᠭ ᠤᠨ ᠡᠵᠡᠨ ᠳᠤ ᠱᠠᠩᠨᠠᠯ ᠣᠯᠭᠤᠪᠠ᠃ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠬᠤᠰᠢᠭᠤᠨ ᠲᠡᠳ᠋ ᠲᠠᠷᠤᠭ᠎ᠠ ᠰᠦᠨ ᠵᠢᠶᠠᠨ ᠸᠧᠨ ︽ᠭᠤᠶᠢᠳᠠ ᠰᠠᠶᠢᠬᠠᠨ ᠨᠠᠮᠤᠷ · ᠬᠤᠷᠴᠢᠨ ᠵᠡᠬᠦᠨ | ᠭᠠᠷᠤᠨ ᠬᠤᠶᠢᠳᠤ ᠬᠤᠰᠢᠭᠤᠨ ᠳᠠᠬᠢ ᠪᠤᠯᠵᠤᠭ᠎ᠠ︾ ᠭᠡᠬᠦ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ | ᠨᠠᠮᠤᠷ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ | | ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠲᠣᠭᠯᠠᠯᠲᠠ ᠨᠢ ᠪᠥᠵᠢᠭ ︽ᠴᠠᠭ ᠦᠶ᠎ᠡ ᠶᠢᠨ ᠬᠥᠭ ᠠᠶᠠᠰ | ︾ ᠤᠨ ᠳᠤᠮᠳᠠ ᠬᠥᠰᠢᠭᠡ ᠪᠠᠨ ᠰᠡᠬᠦᠵᠦ᠂ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠪᠥᠵᠢᠭᠯᠡᠵᠦ᠂ ᠭᠤᠶᠢᠳᠠ | ᠰᠠᠶᠢᠬᠠᠨ ᠪᠥᠵᠢᠭ ᠢᠶᠠᠨ ᠭᠠᠶᠢᠬᠠᠭᠤᠯᠪᠠ᠃ ᠮᠣᠷᠢᠨ ᠬᠤᠭᠤᠷ ᠤᠨ ᠬᠥᠭᠵᠢᠮ ︽ᠮᠣᠩᠭᠤᠯ ᠮᠣᠷᠢ︾᠂ ᠵᠠᠯᠠᠭᠤ | ᠳᠠᠭᠤᠴᠢᠨ ᠠᠭᠤᠳᠠᠮ ᠪᠠ ᠪᠠᠢ ᠵᠢᠶᠦ᠋ᠨ ᠠᠨ ᠤ ᠳᠠᠭᠤᠯᠠᠭᠰᠠᠨ ︽ᠫᠢᠩ ᠭᠦᠸᠧ ᠰᠢᠶᠠᠩ︾᠂ ︽ᠬᠥᠬᠡ ᠮᠣᠩᠭᠤᠯ | ᠥᠨᠳᠦᠷᠯᠢᠭ︾᠂ ︽ᠠᠬ᠎ᠠ ᠶᠢᠨ ᠤᠯᠠᠭᠠᠨ ᠲᠠᠰᠢᠭᠤᠷ︾᠂ ᠳᠠᠭᠤᠤ ᠪᠥᠵᠢᠭ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ︾ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠦᠵᠡᠭᠴᠢᠳ ᠤᠨ ᠰᠡᠳᠬᠢᠯ ᠢ ᠬᠥᠭᠵᠢᠭᠡᠵᠦ᠂ | ᠣᠯᠠᠨ ᠤ ᠠᠩᠬᠠᠷᠤᠯ ᠢ ᠶᠡᠬᠡᠳᠡ ᠲᠠᠲᠠᠭᠰᠠᠨ ᠪᠠᠶᠢᠨ᠎ᠠ᠃ | | ᠱᠦᠭᠯᠦ ᠶᠢᠨ ᠲᠠᠭᠤᠨ ᠢ ᠳᠠᠭᠠᠯᠳᠤᠨ 1000 ᠮᠧᠲᠷ ᠤᠨ ᠮᠣᠷᠢᠨ ᠸᠠᠩ ᠡᠵᠡᠷᠬᠡᠬᠦ ᠤᠷᠤᠯᠳᠤᠭᠠᠨ ᠡᠬᠢᠯᠡᠵᠦ᠂ | ᠪᠦᠬᠦ᠋ᠢᠯᠡ ᠤᠷᠤᠯᠳᠤᠭᠠᠨ ᠤ ᠲᠠᠯᠠᠪᠤᠷ ᠭᠱᠠᠨ ᠵᠠᠭᠤᠷ᠎ᠠ ᠪᠤᠴᠠᠯᠪᠠ᠃ ᠤᠷᠤᠯᠳᠤᠭᠠᠨ ᠤ ᠵᠠᠮ ᠢᠶᠠᠷ ᠲᠣᠭᠤᠰᠣ | ᠪᠤᠲᠠᠷᠠᠨ᠂ ᠮᠤᠷᠢᠳᠠᠳ ᠬᠤᠷᠳᠤᠨ ᠮᠤᠷᠢᠨ ᠳᠠᠭᠠᠨ ᠲᠠᠰᠢᠭᠤᠷ ᠨᠡᠮᠡᠵᠦ᠂ ᠵᠢᠯᠤᠭᠤ ᠰᠤᠩᠭᠠᠨ ᠲᠠᠪᠬᠢᠯᠳᠤᠵᠤ᠂ | ᠤᠷᠤᠯᠳᠤᠭᠠᠨ ᠤ ᠮᠤᠷᠢᠳ ᠤᠨ ᠲᠦᠪᠡᠷᠭᠡᠨ ᠪᠦᠬᠦᠶᠢᠯᠡ ᠲᠠᠯᠠᠪᠠᠢ ᠶᠢ ᠲᠤᠷᠬᠢᠭᠤᠯᠵᠤ᠂ ᠤᠷᠤᠯᠳᠤᠭᠠᠨ ᠦᠵᠡᠬᠦ ᠪᠠᠷ | ᠢᠷᠡᠭᠰᠡᠨ ᠣᠯᠠᠨ ᠲᠦᠮᠡᠨ ᠤ ᠨᠢᠳᠦ ᠶᠢ ᠬᠤᠵᠢᠷᠯᠠᠵᠠᠢ᠃ | | | | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠭᠠᠨᠵᠤᠭ᠎ᠠ ᠪᠠᠯᠭᠠᠰᠤᠨ ᠤ ᠬᠠᠶᠢᠰᠤᠭᠠᠢ ᠭᠠᠴᠠᠭᠠᠨ ᠤ ᠴᠡᠩᠬᠡᠯ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ︽ᠮᠤᠷᠢᠨ ᠸᠠᠩ︾ ᠤᠨ ᠴᠣᠯᠠ ᠶᠢ ᠭᠥᠷᠳᠡᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ | ᠪᠦᠦ ᠲᠡᠭᠦᠨ ᠳᠤ ᠱᠠᠩᠨᠠᠯ ᠭᠠᠷᠳᠠᠭᠤᠯᠪᠠ᠃ | | ᠣᠶᠢᠯᠠᠭᠠᠭᠰᠠᠨ ᠢᠶᠠᠷ᠂ ᠲᠣᠰ ᠤᠳᠠᠭᠠᠨ ᠤ ︽ᠬᠤᠷᠴᠢᠨ ᠮᠣᠷᠢ︾ ᠶᠢᠨ ᠬᠡᠲᠦ ᠤᠷᠤᠯᠳᠤᠭᠠᠨ ᠵᠢᠴᠢ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠮᠣᠷᠢᠨ ᠸᠠᠩ ᠡᠵᠡᠷᠬᠡᠬᠦ ᠤᠷᠤᠯᠳᠤᠭᠠᠨ ᠬᠤᠶᠠᠷ ᠡᠳᠦᠷ ᠤᠨ | ᠬᠤᠭᠤᠴᠠᠭ᠎ᠠ ᠲᠠᠢ ᠶᠠᠪᠤᠭᠳᠠᠵᠤ᠂ ᠪᠥᠬᠦ ᠣᠷᠣᠨ ᠤ ᠡᠯ᠎ᠡ ᠭᠠᠵᠠᠷ ᠠᠴᠠ ᠢᠷᠡᠭᠰᠡᠨ 150 ᠭᠠᠷᠤᠶ ᠲᠠᠮᠢᠷᠴᠢᠨ | ᠤᠷᠤᠯᠳᠤᠭᠠᠨ ᠳᠤ ᠨᠡᠷ᠎ᠡ ᠮᠡᠳᠡᠭᠦᠯᠪᠡ᠃ ᠤᠷᠤᠯᠳᠤᠭᠠᠨ ᠤ ᠲᠥᠷᠥᠯ ᠵᠦᠢᠯ ᠡᠯᠪᠡᠭ ᠪᠠᠶᠠᠯᠢᠭ ᠪᠥᠭᠡᠳ ᠣᠯᠠᠨ | ᠶᠠᠩᠵᠤ ᠶᠢᠨ ᠪᠠᠶᠢᠵᠤ᠂ 1000 ᠮᠧᠲᠷ ᠤᠨ ᠬᠤᠷᠳᠤᠨ ᠮᠤᠷᠢᠨ ᠤ ᠤᠷᠤᠯᠳᠤᠭᠠᠨ᠂ 2300 ᠮᠧᠲᠷ ᠤᠨ ᠵᠢᠷᠤᠭ᠎ᠠ | ᠮᠤᠷᠢᠨ ᠤ ᠤᠷᠤᠯᠳᠤᠭᠠᠨ ᠂ 6500 ᠮᠧᠲᠷ ᠤᠨ ᠬᠤᠷᠳᠤᠨ ᠮᠤᠷᠢᠨ ᠤ ᠤᠷᠤᠯᠳᠤᠭᠠᠨ᠂ 1.45 ᠮᠧᠲᠷ ᠠᠴᠠ | ᠳᠣᠷᠣᠭᠰᠢᠬᠢ ᠵᠢᠷᠤᠭ᠎ᠠ ᠮᠣᠷᠢ ᠶᠢᠨ 3600 ᠮᠧᠲᠷ ᠤᠨ ᠤᠷᠤᠯᠳᠤᠭᠠᠨ᠂ ᠪᠦᠬᠦᠯᠢ 3 ᠨᠠᠰᠤᠨ ᠤ ᠬᠤᠷᠳᠤᠨ ᠮᠣᠷᠢ | ᠶᠢᠨ 3600 ᠮᠧᠲᠷ ᠤᠨ ᠤᠷᠤᠯᠳᠤᠭᠠᠨ ᠵᠡᠷᠭᠡ ᠤᠷᠤᠯᠳᠤᠭᠠᠨ ᠲᠤᠬᠢᠷᠠᠭᠤᠯᠪᠠ᠃ ᠲᠣᠰ ᠤᠳᠠᠭᠠᠨ ᠤ | ᠮᠣᠷᠢᠨ ᠤᠷᠤᠯᠳᠤᠭᠠᠨ ᠢ ᠡᠷᠬᠢᠯᠡᠭᠰᠡᠨ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ᠂ ᠪᠡᠶ᠎ᠡ ᠶᠢᠨ | ᠲᠠᠮᠢᠷ᠂ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠵᠤ᠂ ᠠᠳᠤᠭᠤᠨ | ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠮᠣᠷᠢᠨ ᠤᠷᠤᠯᠳᠤᠭᠠᠨ ᠤ ᠤᠯᠠᠮᠵᠢᠯᠠᠯ ᠢ ᠤᠯᠠᠮᠵᠢᠯᠠᠨ | ᠵᠠᠯᠭᠠᠮᠵᠢᠯᠠᠵᠤ᠂ ᠥᠪᠡᠷᠮᠢᠴᠡ ᠣᠨᠴᠠᠯᠢᠭ ᠲᠠᠢ ᠪᠡᠶ᠎ᠡ ᠶᠢᠨ ᠲᠠᠮᠢᠷ ᠤᠨ ᠨᠠᠷᠠᠲᠤ ᠲᠥᠷᠥᠯ ᠲᠡᠮᠳᠡᠭᠲᠦ ᠶᠢᠨ ᠰᠣᠶᠣᠯ ᠢ | ᠴᠢᠷᠮᠠᠶᠢᠨ ᠪᠣᠶ ᠪᠣᠯᠭᠠᠬᠤ ᠶᠢᠨ ᠲᠥᠯᠥᠭᠡ ᠶᠤᠮ᠃ ᠪᠡᠶ᠎ᠡ ᠶᠢᠨ ᠲᠠᠮᠢᠷ ᠢᠶᠠᠷ ᠬᠥᠲᠥᠯᠥᠨ ᠳᠠᠭᠠᠭᠤᠯᠬᠤ᠂ ᠰᠣᠶᠣᠯ ᠤᠨ | ᠴᠢᠳᠠᠪᠤᠷᠢ ᠣᠯᠭᠤᠬᠤ᠂ ᠵᠢᠭᠤᠯᠴᠢᠯᠠᠯ ᠶᠢᠨ ᠲᠠᠶᠢᠴᠢᠯᠠᠬᠤ ᠪᠠᠷ ᠳᠠᠮᠵᠢᠭᠤᠯᠤᠨ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠪᠠ᠃ | | | | | |