ᠴᠢᠯᠠᠭᠤᠲᠤ ᠪᠠᠯᠭᠠᠰᠤ ᠲᠡᠷᠢᠬᠦᠨ ᠨᠦᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/9/19
    9 ᠰᠠᠷ᠎ᠠ ᠶᠢᠨ 18 ᠤ ᠦᠳᠡ ᠶᠢᠨ ᠡᠮᠦᠨ᠎ᠡ᠂ ᠳᠡᠯᠡᠬᠡᠢ ᠶᠢᠨ ᠨᠡᠭᠦᠳᠡᠯ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠮᠣᠷᠢ ᠤᠨᠤᠵᠥ ᠰᠤᠷ ᠬᠠᠷᠪᠤᠬᠤ ᠲᠥᠷᠥᠯ ᠵᠦᠢᠯ ᠤᠨ ᠠᠯᠳᠠᠨ ᠮᠧᠲᠠᠯ  ᠭᠠᠷᠳᠠᠬᠴᠢ ᠲᠡᠷᠢᠭᠦᠨ ᠤ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠴᠢᠯᠠᠭᠤᠲᠤ ᠪᠠᠯᠭᠠᠰᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠶᠠᠪᠤᠭᠳᠠᠪᠠ᠃  ᠴᠢᠯᠠᠭᠤᠲᠤ ᠪᠠᠯᠭᠠᠰᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠣᠯᠤᠨ ᠴᠢᠯᠠᠭᠤᠲᠤ ᠪᠠᠯᠭᠠᠰᠤᠨ ᠤ ᠬᠡᠦᠬᠡᠳ ᠤᠨ ᠴᠡᠴᠡᠷᠯᠢᠭ ᠤᠨ ᠪᠦᠬᠦ ᠪᠠᠭᠰᠢ᠂ ᠰᠤᠷᠤᠭᠴᠢ ᠨᠡᠶᠢᠳᠡ 300 ᠭᠠᠷᠤᠢ ᠬᠥᠮᠦᠨ ᠣᠷᠣᠯᠴᠠᠪᠠ᠃
特日棍先进事迹报告会.jpg
    ᠮᠡᠳᠡᠭᠦᠯᠦᠯᠲᠡ ᠶᠢᠨ ᠬᠤᠷᠠᠯ ᠳᠡᠭᠡᠷ᠎ᠡ᠂ ᠲᠡᠷᠢᠬᠦᠨ᠂ ᠥᠪᠡᠷ ᠤᠨ ᠦᠰᠦᠨ ᠪᠤᠶᠢᠵᠢᠭᠰᠠᠨ ᠥᠩᠭᠡᠷᠡᠯᠲᠡ᠂ ᠲᠠᠮᠢᠷᠴᠢᠳ ᠤᠨ ᠠᠮᠢᠳᠤᠷᠠᠯ ᠤᠨ ᠰᠡᠩᠬᠡᠷᠡᠭᠦᠯᠦᠯ᠂ ᠪᠣᠯᠪᠠᠰᠤᠷᠠᠯ ᠤᠨ ᠶᠠᠪᠤᠴᠠ᠂ ᠲᠤᠯᠭᠠᠷᠠᠭᠰᠠᠨ ᠥᠷᠢᠰᠥᠯᠳᠦᠭᠡᠨ ᠵᠡᠷᠭᠡ ᠪᠠᠨ ᠡᠷᠭᠢᠴᠡᠭᠦᠯᠵᠦ᠂ ᠨᠡᠭᠦᠳᠡᠯ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠤᠷᠤᠯᠳᠤᠭᠠᠨ᠂ ᠤᠷᠤᠯᠳᠤᠭᠠᠨ ᠤ ᠥᠩᠭᠡᠷᠡᠯᠲᠡ ᠪᠠ  ᠦᠡᠩᠭᠡᠷᠡᠬᠦᠯᠦᠭᠰᠡᠨ ᠬᠦᠴᠢᠷ ᠪᠡᠷᠬᠡᠰᠢᠶᠡᠯ ᠢ ᠬᠤᠪᠢᠶᠠᠯᠴᠠᠵᠤ᠂  ᠦᠪᠡᠷ ᠤᠨ ᠪᠡᠷᠬᠡ ᠬᠠᠲᠠᠭᠤᠵᠢᠯᠲᠠᠢ ᠪᠣᠯᠪᠠᠰᠤᠷᠠᠯ ᠤᠨ ᠳᠤᠮᠳᠠ ᠴᠥᠬᠦᠷᠡᠰᠢ ᠦᠭᠡᠢ ᠪᠠᠷᠢᠮᠲᠠᠯᠠᠵᠤ᠂  ᠬᠦᠨᠳᠦ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠴᠦᠰ ᠲᠡᠭᠡᠨ ᠳᠡᠯᠡᠬᠡᠢ ᠶᠢᠨ ᠱᠠᠩᠨᠠᠯ ᠣᠯᠭᠤᠬᠤ ᠲᠠᠪᠴᠠᠩ ᠳᠡᠭᠡᠷ᠎ᠡ  ᠵᠤᠬᠰᠤᠬᠰᠠᠨ ᠢᠶᠠᠨ ᠶᠠᠷᠢᠪᠠ ᠃ ᠲᠡᠷᠡ ᠂ ᠰᠤᠷᠤᠭᠴᠢᠳ ᠢ ᠰᠠᠶᠢᠨ ᠰᠠᠶᠢᠬᠠᠨ ᠴᠠᠭ ᠮᠥᠴᠡ ᠪᠠᠨ ᠨᠠᠨᠳᠢᠩᠨᠠᠵᠤ᠂ ᠵᠠᠯᠠᠭᠤ ᠨᠠᠰᠤᠨ ᠤ  ᠭᠠᠯ ᠬᠠᠯᠠᠭᠤᠨ ᠰᠡᠳᠬᠢᠯᠭᠡ  ᠪᠠᠷ ᠠᠮᠵᠢᠯᠲᠠ ᠶᠢᠨ ᠲᠥᠯᠥᠭᠡ᠂ ᠢᠷᠡᠭᠡᠳᠦᠢ ᠶᠢᠨ ᠲᠥᠯᠥᠭᠡ ᠢᠲᠡᠭᠡᠯ ᠵᠣᠷᠢᠭ ᠢᠶᠠᠨ ᠪᠠᠳᠤᠳᠬᠠᠬᠤ ᠶᠢ ᠵᠣᠷᠢᠭᠵᠢᠭᠤᠯᠪᠠ᠃ ᠬᠠᠷᠢᠯᠴᠠᠨ ᠦᠢᠯᠡᠳᠦᠯᠴᠡᠬᠦ ᠭᠤᠭᠴᠤᠭ᠎ᠠ ᠳᠤ᠂ ᠰᠤᠷᠤᠭᠴᠢᠳ ᠢᠳᠡᠪᠬᠢᠲᠡᠢ ᠪᠠᠷ ᠣᠷᠣᠯᠴᠠᠵᠤ᠂  ᠲᠡᠷᠢᠬᠦᠨ᠂ ᠨᠢᠭᠡᠳ ᠨᠢᠭᠡ ᠪᠠᠷ ᠵᠢᠭᠠᠨ ᠵᠢᠯᠣᠭᠤᠳᠪᠠ᠃ ᠪᠦᠬᠦᠶᠢᠯᠡ ᠬᠦᠳᠡᠯᠭᠡᠭᠡᠨ ᠨᠢ ᠰᠤᠷᠤᠬᠴᠢᠳ ᠤᠨ  ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠬᠤᠪᠢ ᠬᠦᠮᠦᠨ ᠤ ᠤᠷᠮ᠎ᠠ ᠰᠤᠨᠢᠷᠬᠠᠯ ᠢ ᠬᠦᠭᠵᠢᠭᠡᠵᠥ᠂    ᠬᠦᠰᠡᠯᠡᠩ ᠢᠶᠠᠨ ᠪᠡᠶᠡᠯᠡᠬᠦᠯᠬᠦ ᠪᠠᠷ ᠡᠷᠡᠮᠡᠬᠡᠶᠢᠯᠡᠨ ᠲᠡᠮᠴᠡᠵᠥ᠂ ᠤᠯᠤᠰ ᠦᠨᠳᠦᠰᠦᠳᠡᠨ ᠳᠡᠭᠡᠨ ᠭᠡᠷᠡᠯ ᠬᠢᠯᠪᠠᠭ᠎ᠠ ᠡᠷᠬᠦᠬᠦ ᠪᠠᠷ  ᠮᠡᠷᠡᠶᠢᠨ‌‍ᠴᠢᠷᠮᠠᠶᠢᠨ᠎ᠠ ᠭᠡᠵᠥ ᠢᠯᠡᠳᠭᠡᠪᠡ᠃ 
特日棍先进事迹报告会1.jpg    ᠲᠡᠷᠢᠬᠦᠨ ᠪᠣᠯ 2002 ᠣᠨ ᠳᠤ  ᠲᠦᠷᠦᠭᠰᠡᠨ  ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ
ᠴᠢᠯᠠᠭᠤᠲᠤ  ᠪᠠᠯᠭᠠᠰᠤᠨ ᠤ ᠬᠥᠮᠦᠨ᠂ 2016 ᠣᠨ ᠳᠤ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ ᠮᠡᠷᠭᠡᠵᠢᠯ ᠤᠨ ᠬᠥᠳᠡᠯᠭᠡᠭᠡᠨ ᠤ ᠲᠥᠪ  ᠲᠤ ᠮᠣᠷᠢᠨ ᠮᠡᠷᠭᠡᠵᠢᠯ ᠤᠨ  ᠲᠠᠮᠢᠷᠴᠢᠨ ᠢᠶᠠᠷ  ᠰᠣᠩᠭᠤᠭᠳᠠᠪᠠ᠃  ᠭᠡᠳᠦᠨ ᠵᠢᠯ ᠤᠨ ᠴᠢᠮᠠᠶᠢᠯᠭ᠎ᠠ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ ᠮᠡᠷᠭᠡᠵᠢᠯ ᠤᠨ ᠬᠥᠳᠡᠯᠭᠡᠭᠡᠨ ᠤ ᠲᠥᠪ  ᠤᠨ ᠮᠣᠷᠢᠨ ᠮᠡᠷᠭᠡᠵᠢᠯ ᠤᠨ ᠠᠩᠭᠢ ᠶᠢᠨ ᠲᠤᠰᠬᠠᠢ ᠮᠡᠷᠭᠡᠵᠢᠯ ᠤᠨ ᠰᠤᠷᠭᠠᠭᠴᠢ ᠶᠢᠨ ᠵᠢᠯᠣᠭᠤᠳᠤᠯᠭ᠎ᠠ ᠳᠣᠣᠷ᠎ᠠ ᠮᠠᠰᠢ ᠲᠦᠷᠭᠡᠨ ᠠᠮᠵᠢᠯᠲᠠ ᠣᠯᠵᠠᠢ᠃ 
特日棍照片.jpg     ᠣᠶᠢᠯᠠᠭᠠᠭᠰᠠᠨ ᠢᠶᠠᠷ᠂   ᠲᠠᠪᠤᠳᠤᠭᠠᠷ ᠬᠤᠭᠤᠴᠠᠭᠠᠨ ᠤ ᠳᠡᠯᠡᠬᠡᠶ ᠶᠢᠨ ᠨᠡᠭᠦᠳᠡᠯ ᠠᠷᠠᠳ ᠤᠨ ᠪᠡᠶ᠎ᠡ ᠶᠢᠨ
ᠲᠠᠮᠢᠷ ᠤᠨ ᠴᠤᠭᠯᠠᠭᠠᠨ 9 ᠰᠠᠷ᠎ᠠ ᠶᠢᠨ 8 ᠤ ᠡᠳᠦᠷ ᠺᠠᠽᠠᠭᠰᠲ᠋ᠠᠨ ᠤ ᠨᠡᠶᠢᠰᠯᠡᠯ ᠠᠰᠲ᠋ᠠᠨᠠ ᠬᠤᠲᠠ ᠳᠤ ᠶᠠᠪᠤᠬᠳᠠᠪᠠ ᠃ ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠨᠡᠶᠢᠲᠡ 89 ᠤᠯᠤᠰ ᠪᠠ ᠭᠠᠵᠠᠷ ᠣᠷᠣᠨ ᠠᠴᠠ ᠢᠷᠡᠭᠰᠡᠨ 2500 ᠲᠠᠮᠢᠷᠴᠢᠨ ᠣᠷᠣᠯᠴᠠᠵᠠᠶ᠃  ᠤᠷᠤᠯᠳᠤᠭᠠᠨ ᠳᠤ 21 ᠶᠡᠭᠡ ᠲᠦᠷᠦᠯ ᠢ  ᠪᠠᠭᠳᠠᠭᠠᠵᠥ᠂ ᠲᠡᠷᠢᠬᠦᠨ ᠂ ᠮᠤᠷᠢ ᠤᠨᠤᠵᠥ  ᠰᠤᠷ ᠬᠠᠷᠪᠤᠬᠤ ᠤᠷᠤᠯᠳᠤᠭᠠᠨ ᠤ ᠲᠦᠷᠦᠯ ᠵᠦᠢᠯ ᠤᠨ  ᠠᠯᠳᠠᠨ ᠮᠧᠲᠠᠯ ᠢ ᠭᠠᠷᠳᠠᠪᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号