︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠳᠥᠭᠦᠮᠴᠢᠯᠡᠬᠦ ᠶᠢᠨ ᠲᠥᠯᠥᠭᠡ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠬᠢᠨᠠᠨ ᠵᠥᠪᠰᠢᠶᠡᠷᠡᠬᠦ ᠭᠤᠭᠴᠤᠭ᠎ᠠ ᠶᠢ | ᠴᠣᠮᠬᠠᠳᠬᠠᠬᠤ᠂ ᠠᠵᠢᠯ ᠶᠠᠪᠤᠳᠠᠯ ᠭᠦᠢᠴᠡᠳᠭᠡᠬᠦ ᠴᠠᠭ ᠢ ᠪᠣᠭᠤᠨᠢᠰᠬᠠᠬᠤ᠂ ᠠᠵᠢᠯ ᠶᠠᠪᠤᠳᠠᠯ ᠭᠦᠢᠴᠡᠳᠭᠡᠬᠦ ᠣᠯᠠᠨ | ᠲᠦᠮᠡᠨ ᠤ ᠲᠠᠯ᠎ᠠ ᠠᠴᠠ ᠡᠭᠦᠰᠴᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ | ᠲᠥᠪᠯᠡᠷᠡᠭᠦᠯᠦᠨ ᠦᠢᠯᠡᠴᠢᠯᠡᠬᠦ︾᠂ ︽ᠵᠥᠷᠢᠶ᠎ᠡ ᠥᠬᠡᠶ ᠶᠡᠷᠦᠩᠬᠡᠶᠢᠯᠡᠭᠰᠡᠨ ᠴᠣᠩᠬᠤᠪᠴᠢ︾ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠪᠡ᠃ | | | ᠬᠡᠷᠡᠭ ᠡᠷᠬᠢᠯᠡᠬᠦ ᠲᠠᠩᠬᠢᠮ ᠳᠤ ᠢᠷᠡᠵᠦ ᠭᠡᠷ ᠬᠥᠷᠥᠩᠭᠡ ᠶᠢᠨ ᠦᠨᠡᠮᠯᠡᠯ ᠪᠣᠯᠤᠨ ᠭᠠᠶᠢᠯᠢ ᠶᠢᠨ ᠶᠠᠪᠤᠳᠠᠯ ᠤᠨ | ᠳᠠᠩᠰᠠᠯᠠᠯ ᠤᠨ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠵᠠᠩ ᠠᠪᠤᠭᠠᠶ᠄ ︽ᠥᠩᠭᠡᠷᠡᠭᠰᠡᠨ ᠳᠤ ᠡᠳᠡᠭᠡᠷ | ᠶᠠᠪᠤᠳᠠᠯ ᠢ ᠭᠦᠢᠴᠡᠳᠬᠡᠬᠦ ᠳᠤ ᠠᠳᠠᠯᠢ ᠪᠤᠰᠤ ᠰᠠᠯᠠᠭ᠎ᠠ ᠮᠥᠴᠢᠷ ᠲᠤ ᠲᠤᠰ ᠲᠤᠰ ᠣᠴᠢᠬᠤ ᠴᠢᠬᠤᠯᠠᠲᠠᠢ᠂ ᠰᠠᠯᠠᠭ᠎ᠠ | ᠮᠥᠴᠢᠷ ᠨᠢᠭᠡᠪᠦᠷᠢ ᠴᠥᠮ ᠨᠢᠭᠡ ᠢᠵᠢ ᠶᠠᠷᠰᠢᠭ ᠲᠦᠪᠡᠭ ᠲᠠᠢ ᠶᠠᠪᠤᠴᠠ ᠪᠣᠯᠤᠨ ᠤᠷᠳᠤ ᠬᠤᠭᠤᠴᠠᠭᠠᠨ ᠤ ᠬᠦᠯᠢᠶᠡᠬᠦ | ᠴᠠᠭ ᠲᠠᠢ ᠪᠠᠶᠢᠳᠠᠭ᠃ ᠣᠳᠣ ᠪᠢ ᠵᠥᠪᠬᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠳᠤ ᠬᠦᠷᠴᠦ᠂ ᠨᠢᠭᠡ | ᠤᠳᠠᠭ᠎ᠠ ᠮᠠᠲ᠋ᠧᠷᠢᠶᠠᠯ ᠲᠤᠰᠢᠶᠠᠪᠠᠯ ᠡᠨᠡ ᠬᠤᠶᠠᠷ ᠵᠦᠢᠯ ᠤᠨ ᠲᠤᠬᠠᠶᠢᠯᠠᠭᠰᠠᠨ ᠠᠵᠢᠯ ᠢ ᠬᠠᠮᠲᠤ ᠳᠤᠨᠢ ᠭᠦᠢᠴᠡᠳᠬᠡᠵᠦ | ᠪᠣᠯᠤᠨ᠎ᠠ᠂ ᠪᠦᠬᠦ᠋ᠢᠯᠡ ᠶᠠᠪᠤᠴᠠ ᠨᠢ ᠬᠠᠭᠠᠰ ᠡᠳᠦᠷ ᠪᠣᠯᠤᠯ ᠦᠭᠡᠢ ᠪᠦᠬᠦᠨ ᠢ ᠪᠡᠶᠡᠯᠡᠭᠦᠯᠵᠦ ᠳᠡᠶᠢᠯᠦᠨ᠎ᠡ᠂ ᠦᠨᠡᠬᠡᠷ | ᠳᠥᠭᠦᠮ ᠪᠠᠶᠢᠨ᠎ᠠ︾ ᠭᠡᠵᠦ ᠬᠡᠯᠡᠪᠡ᠃ | ᠣᠶᠢᠯᠠᠭᠠᠭᠰᠠᠨ ᠢᠶᠠᠷ᠂ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ︽ᠬᠦᠴᠢᠷ ᠲᠦᠪᠡᠭᠲᠡᠶ︾ | ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠡᠮᠦᠨ᠎ᠡ | ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ | ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠵᠠᠷᠴᠢᠮ ᠶᠣᠰᠣᠭᠠᠷ᠂ ᠤᠤᠯ ᠤᠨ | 13 ᠦᠢᠯᠡᠴᠢᠯᠡᠭᠡᠨ ᠤ ᠴᠣᠩᠬᠤᠪᠴᠢ ᠶᠢ ᠬᠠᠰᠤᠬᠤ ᠶᠢᠨ ᠬᠠᠮᠲᠤ 7 ︽ᠢᠯᠭᠠᠭ᠎ᠠ ᠥᠬᠡᠶ ᠶᠡᠷᠦᠩᠬᠡᠶᠢᠯᠡᠨ ᠭᠥᠯᠢᠶᠡᠨ | ᠠᠪᠴᠤ ᠰᠢᠢᠳᠪᠦᠷᠢᠯᠡᠬᠦ︾ ᠴᠣᠩᠬᠤᠪᠴᠢ ᠪᠣᠯᠭᠠᠵᠤ᠂ ᠮᠢᠩᠭ᠎ᠠ ᠰᠢᠬᠠᠮ ᠵᠦᠢᠯᠡᠰ ᠢ ᠪᠦᠬᠦᠨ ᠢ 7 ᠶᠡᠷᠦᠩᠬᠡᠶᠢᠯᠡᠨ | ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠳᠤ ᠣᠷᠣᠭᠤᠯᠤᠨ ᠨᠢᠭᠡᠳᠦᠯᠲᠡᠢ ᠭᠥᠯᠢᠶᠡᠨ ᠠᠪᠴᠤ | ᠰᠢᠢᠳᠪᠦᠷᠢᠯᠡᠵᠦ᠂ 7 ᠲᠤᠰᠬᠠᠶ ᠲᠤᠰᠢᠶᠠᠯᠲᠤ ᠠᠵᠢᠯᠲᠠᠨ ᠢ ᠳᠣᠭᠢᠷᠠᠭᠤᠯᠤᠨ᠂ ︽ᠵᠢᠵᠢᠭ ᠴᠣᠩᠬᠤᠪᠴᠢ︾ ᠶᠢ ︽ | ᠲᠣᠮᠣ ᠴᠣᠩᠬᠤᠪᠴᠢ︾ ᠪᠣᠯᠭᠠᠨ ᠬᠤᠪᠢᠷᠠᠭᠤᠯᠵᠤ᠂ ᠶᠡᠷᠦᠩᠬᠡᠶᠢᠯᠡᠭᠰᠡᠨ ᠴᠣᠩᠬᠤᠪᠴᠢ ᠶᠢ ᠡᠳᠦᠷ ᠪᠦᠷᠢ ᠵᠠᠭᠤ ᠭᠠᠷᠤᠶ | ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠬᠡᠷᠡᠭ ᠶᠠᠪᠤᠳᠠᠯ ᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠪᠠ | ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠴᠥᠮ 100% ᠬᠦᠷᠭᠡᠪᠡ᠃ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ | ᠲᠠᠷᠠᠭᠠᠴᠢ ᠶᠢᠨ ᠠᠯᠬᠤᠮ ᠳᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ︽ᠨᠢᠭᠡ | ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠭᠡᠬᠦ︾᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠥᠷᠲᠡᠭ ᠢ ᠨᠡᠮᠡᠭᠳᠡᠭᠦᠯᠬᠦ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠢᠳᠡᠪᠬᠢᠲᠡᠶ ᠰᠦᠪᠡᠭᠴᠢᠯᠡᠵᠦ᠂ | ᠶᠡᠷᠦᠩᠬᠡᠶᠢᠯᠡᠭᠰᠡᠨ ᠴᠣᠩᠬᠤᠪᠴᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠬᠦ᠂ ᠥᠨᠳᠥᠷ ᠪᠦᠲᠦᠮᠵᠢᠲᠡᠶ᠂ ᠠᠷᠢᠭᠤᠨ | ᠴᠢᠬᠡᠴᠢ᠂ ᠵᠢᠷᠤᠮᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠬᠦᠴᠦᠯᠡᠨ ᠪᠣᠶ | ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠵᠢᠷᠤᠮᠵᠢᠭᠰᠠᠨ᠂ ᠪᠠᠷᠢᠮᠵᠢᠶᠠᠵᠢᠭᠤᠯᠤᠭᠰᠠᠨ᠂ | ᠳᠥᠭᠦᠮᠴᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ ᠭᠡᠪᠡ᠃ | | |