ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠵᠢᠨ‌ᠠᠷᠪᠠᠨ ᠭᠤᠷᠪᠠᠳᠤᠭᠠᠷ ᠤᠳᠠᠭᠠᠨ ᠤ ᠪᠦᠭᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/9/19
︵2024 ᠣᠨ ᠤ 9 ᠰᠠᠷ᠎ᠠ ᠶᠢᠨ 19 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭ᠎ᠠ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠤᠳᠠᠭᠠᠨ ᠤ ᠪᠦᠭᠦᠳᠡ ᠬᠤᠷᠠᠯ ᠠᠴᠠ ᠪᠠᠲᠤᠯᠠᠪᠠ︶    ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ   ᠠᠷᠪᠠᠨ    ᠭᠤᠷᠪᠠᠳᠤᠭᠠᠷ    ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠪᠥᠬᠦᠳᠡ ᠬᠤᠷᠠᠯ 2024 ᠣᠨ ᠤ 9 ᠰᠠᠷ᠎ᠠ ᠶᠢᠨ 19 ᠤ ᠡᠳᠦᠷ    ᠬᠤᠷᠠᠯᠳᠤᠪᠠ᠃    ᠡᠨᠡ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 24 ᠬᠥᠮᠦᠨ᠂ ᠣᠷᠣᠯᠠᠭᠴᠢ ᠭᠡᠰᠢᠭᠦᠨ 5 ᠬᠥᠮᠦᠨ ᠣᠷᠣᠯᠴᠠᠪᠠ᠃ ᠬᠤᠰᠢᠭᠤᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠥᠬᠦᠶ ᠲᠠᠯ᠎ᠠ ᠶᠢᠨ ᠨᠥᠬᠦᠳ᠂ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃    ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠶᠠᠷᠢᠶ᠎ᠠ ᠲᠠᠯᠪᠢᠪᠠ᠃   ᠪᠥᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠪᠣᠯᠤᠨ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠷᠢᠶ᠎ᠠ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠨ᠂ ᠲᠠᠷᠠᠭᠠᠴᠢ ᠶᠢᠨ ᠠᠯᠬᠤᠮ ᠤᠨ ᠥᠭᠡᠷᠡᠴᠢᠯᠡᠯᠲᠡ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠭᠦᠸᠧ ᠲᠢᠶᠠᠨ ᠪᠦᠦ ︽ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠣᠤᠷᠠᠭ︶︾ ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠠ᠃    ᠪᠥᠬᠦᠳᠡ ᠬᠤᠷᠠᠯ ᠠᠴᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠵᠢᠯ ᠤᠨ ᠡᠬᠢᠨ ᠠᠴᠠ ᠨᠠᠰᠢᠬᠢ ᠠᠵᠢᠯ ᠢ ᠭᠦᠢᠴᠡᠳ ᠨᠤᠲᠠᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠲᠠᠯ᠎ᠠ ᠪᠠᠷ ᠢᠳᠡᠪᠬᠢᠲᠡᠶ ᠠᠬᠢᠴᠠ ᠲᠠᠢ ᠪᠣᠯᠪᠠ ᠭᠡᠵᠦ ᠰᠠᠨᠠᠯ ᠨᠢᠭᠡᠲᠡᠶ ᠦᠵᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠤᠨ ᠠᠵᠢᠯ ᠡᠮᠬᠢ ᠵᠢᠷᠤᠮ ᠲᠠᠢ ᠬᠦᠴᠦᠨ ᠲᠠᠢ᠂ ︽ᠲᠠᠪᠤᠨ ᠶᠡᠭᠡ ᠡᠭᠦᠷᠭᠡ︾ ᠠᠮᠵᠢᠯᠲᠠ ᠣᠯᠵᠤ᠂ ︽ᠵᠢᠷᠭᠤᠭᠠᠨ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠮᠡᠳᠡᠷᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠵᠦ᠂ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠦᠳᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ  ᠭᠡᠵᠥ ᠦᠵᠡᠪᠡ᠃     ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠲᠦᠩᠯᠢᠶᠣᠤ ᠬᠤᠳᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠣᠷᠢᠭᠲᠠᠢ ᠪᠠᠷ ᠰᠢᠪᠲᠤᠯᠤᠯᠲᠠ ᠭᠠᠷᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠤᠭ᠎ᠠ ᠵᠢᠷᠤᠭ ᠲᠥᠯᠥᠪᠯᠡᠭᠡ ᠶᠢ ᠯᠠᠪᠳᠠᠭᠤᠨ ᠪᠠᠲᠤᠲᠠᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠥ\ᠵᠢᠭᠠᠵᠥ ᠭᠠᠷᠭᠠᠪᠠ ᠃    ᠪᠥᠬᠦᠳᠡ ᠬᠤᠷᠠᠯ ᠠᠴᠠ ᠴᠢᠬᠤᠯᠠᠴᠢᠯᠠᠬᠰᠠᠨ ᠨᠢ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠣᠷᠢᠯᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠵᠣᠷᠢᠯᠭ᠎ᠠ ᠮᠥᠨ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ︽ᠲᠡᠷᠢᠭᠦᠨ ᠴᠢᠬᠤᠯᠠ ᠡᠭᠦᠷᠭᠡ︾ ᠶᠢ ᠪᠠᠲᠤ ᠡᠵᠡᠮᠳᠡᠵᠦ᠂ ᠥᠭᠡᠷᠡᠴᠢᠯᠡᠯᠲᠡ ᠨᠡᠭᠡᠭᠡᠯᠲᠡ ᠶᠢᠨ ︽ᠵᠠᠩᠭᠢᠯᠠᠭ᠎ᠠ ᠶᠢᠨ ᠠᠷᠭ᠎ᠠ︾ ᠶᠢ ᠰᠠᠶᠢᠲᠤᠷ ᠬᠡᠷᠡᠭᠯᠡᠵᠦ᠂ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠵᠦ᠂ ᠦᠷᠭᠦᠯᠵᠢᠯᠡᠨ ᠳᠠᠷᠤᠯᠲᠠ ᠪᠠ ᠬᠦᠴᠦ ᠨᠡᠮᠡᠵᠦ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃    ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠬᠤᠪᠢᠰᠤᠩᠭᠤᠢ ᠪᠠᠷ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠲᠠᠨᠢᠵᠤ᠂ ᠠᠵᠠ ᠲᠣᠬᠢᠶᠠᠯ ᠢ ᠠᠮᠵᠢᠨ᠂ ᠳᠠᠪᠠᠭᠤᠯᠢᠭ ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠬᠡᠷᠡᠭᠲᠡᠢ︔ ᠨᠢᠭᠡ ᠪᠦᠯᠦᠭ ᠴᠠᠬᠢᠯᠭᠠᠨ ᠤ ᠦᠨ᠎ᠡ ᠶᠢᠨ ᠰᠡᠷᠭᠡᠭ ᠬᠡᠯᠪᠡᠷᠢ᠂ ᠭᠠᠳᠠᠭᠠᠳᠤ ᠳᠤ ᠭᠠᠷᠭᠠᠬᠤ ᠤᠳᠤᠷᠢᠳᠤᠮᠵᠢ ᠶᠢᠨ ᠬᠡᠯᠪᠡᠷᠢ᠂ ᠪᠣᠬᠢᠷᠳᠤᠯ ᠦᠭᠡᠢ ᠴᠠᠬᠢᠯᠭᠠᠨ ᠤ ᠰᠠᠶᠢᠨ ᠰᠢᠭ ᠬᠡᠯᠪᠡᠷᠢ ᠶᠢᠨ ᠠᠵᠤ ᠦᠢᠯᠡᠰ ᠢ ᠲᠡᠳᠡᠨ ᠠᠪᠴᠢᠷᠠᠬᠤ ᠬᠡᠷᠡᠭᠲᠡᠢ︔ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠤᠶᠢᠲᠤ ᠬᠤᠰᠢᠭᠤᠨ ᠤ ᠣᠨᠴᠠᠯᠢᠭ ᠲᠠᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠠᠭᠤᠳᠠᠯᠬᠤ ᠬᠡᠷᠡᠭᠲᠡᠢ︔ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠴᠢᠬᠤᠯᠠ ᠶᠡᠭᠡ ᠲᠥᠷᠥᠯ ᠵᠦᠢᠯ᠂ ᠬᠤᠰᠢᠭᠤ  ᠶᠢ ᠲᠤᠬᠳᠠᠨᠢᠭᠤᠯᠬᠤ ᠲᠥᠷᠥᠯ ᠵᠦᠢᠯ ᠢ ᠰᠢᠪᠲᠤᠯᠵᠤ᠂ ᠬᠦᠴᠢᠷᠳᠡᠯ ᠢ ᠰᠢᠪᠳᠤᠯᠵᠥ ᠬᠦᠭᠵᠢᠯᠳᠡ ᠶᠢ ᠲᠦᠷᠭᠡᠳᠭᠡᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ︔ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠦᠯᠡᠳᠡᠭᠡᠯ  ᠵᠦᠢᠯ ᠢ ᠲᠤᠤᠣᠱᠳᠠᠢ ᠠᠷᠢᠯᠭᠠᠵᠥ᠂ ᠨᠡᠮᠡᠭᠳᠡᠯ ᠵᠦᠢᠯ ᠢ ᠵᠤᠷᠢᠬᠳᠠᠢ ᠡᠬᠦᠷᠭᠡᠯᠡᠬᠦ  ᠬᠡᠷᠡᠭᠲᠡᠢ︔ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠣᠪᠤᠶᠢᠯᠭᠠᠨ ᠰᠠᠶᠢᠲᠤᠷ ᠠᠳᠬᠤᠵᠤ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠬᠤᠪᠢᠷᠠᠭᠤᠯᠤᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠲᠦᠰᠢᠭᠯᠡᠨ᠂  ᠬᠤᠳᠠᠯᠳᠤᠭ᠎ᠠ   ᠡᠵᠡᠩᠨᠡᠬᠦ   ᠣᠷᠴᠢᠨ    ᠲᠣᠭᠤᠷᠢᠨ ᠤ ᠲᠠᠰ ᠳᠡᠪᠰᠢᠭᠰᠡᠨ ᠬᠡᠪ ᠢ ᠪᠣᠶ ᠪᠣᠯᠭᠠᠬᠤ ᠬᠡᠷᠡᠭᠲᠡᠢ᠃     ᠪᠥᠬᠦᠳᠡ ᠬᠤᠷᠠᠯ ᠠᠴᠠ  ᠴᠢᠬᠤᠯᠠᠴᠢᠯᠠᠭᠰᠠᠨ ᠨᠢ᠂ ︽ᠲᠠᠪᠤᠨ ᠶᠡᠭᠡ ᠡᠭᠦᠷᠭᠡ︾ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠨ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤᠮᠳᠠᠬᠢ ᠬᠦᠴᠢᠷᠳᠡᠯ᠂ ᠠᠰᠠᠭᠤᠳᠠᠯ  ᠢ ᠨᠠᠶᠢᠳᠠᠪᠤᠷᠢᠵᠢᠭᠤᠯᠬᠤ ᠳᠤ ᠴᠢᠭᠯᠡᠭᠦᠯᠦᠨ᠂ ᠪᠣᠭᠤᠮᠢ ᠶᠢ ᠰᠢᠪᠲᠤᠯᠵᠤ᠂ ᠲᠦᠭᠵᠢᠷᠡᠯ ᠢ ᠠᠷᠢᠯᠭᠠᠨ᠂ ᠡᠯ᠎ᠡ ᠵᠦᠢᠯ ᠤᠨ ᠠᠵᠢᠯ ᠤᠨ ᠬᠤᠷᠳᠤᠴᠠ ᠪᠠᠨ ᠲᠦᠷᠭᠡᠳᠬᠡᠨ᠂ ᠪᠥᠬᠦ ᠲᠠᠯ᠎ᠠ ᠪᠠᠷ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠣᠷᠳᠣ ᠬᠤᠭᠤᠴᠠᠭ᠎ᠠ ᠪᠠᠷ ᠪᠠᠶᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠵᠢᠴᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠦᠷᠭᠡᠳᠬᠡᠨ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠬᠡᠷᠡᠭᠲᠡᠶ︔ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠪᠣᠯᠤᠨ ᠥᠷᠢ ᠥᠭᠴᠡᠭᠡ᠂ ᠮᠥᠩᠭᠦᠨ ᠭᠦᠢᠯᠭᠡᠭᠡ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠠᠳᠬᠤᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ︔ ᠡᠨᠧᠷᠭᠢ ᠶᠢᠨ ᠪᠠᠶᠢᠳᠠᠯ ᠢ ᠠᠮᠵᠢᠨ ᠤᠷᠤᠭᠰᠢᠯᠠᠵᠤ᠂ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠠᠶᠢᠭᠤᠯᠵᠤ᠂ ᠨᠡᠩ ᠰᠢᠨᠵᠢᠯᠡᠬᠦ ᠤᠬᠠᠭᠠᠨᠴᠢ ᠪᠣᠬᠢᠷᠲᠤᠯ ᠦᠭᠡᠢ ᠡᠨᠧᠷᠭᠢ ᠪᠣᠯᠤᠨ ᠠᠵᠤ ᠦᠢᠯᠡᠰ ᠢ ᠬᠠᠮᠵᠢᠯᠴᠠᠨ ᠨᠡᠭᠡᠭᠡᠨ ᠬᠥᠭᠵᠢᠭᠦᠯᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ︔ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠵᠠᠬ᠎ᠠ ᠳᠡᠯᠭᠡᠭᠦᠷᠴᠢᠯᠡᠨ ᠪᠠᠶᠢᠭᠤᠯᠵᠤ᠂ ᠡᠯ᠎ᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠡᠯᠡ ᠮᠥᠩᠭᠦ ᠰᠢᠯᠵᠢᠭᠦᠯᠦᠨ ᠥᠭᠬᠦ ᠨᠤᠷᠮ᠎ᠠ ᠶᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠨᠥᠭᠡᠴᠡᠯᠡᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ ᠳᠤᠲᠠᠭᠤᠳᠠᠯ ᠳᠤ ᠰᠠᠭᠤᠷᠢᠯᠠᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ ᠪᠠ ᠠᠰᠢᠭᠯᠠᠵᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠬᠦ ᠬᠡᠷᠡᠭᠲᠡᠢ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠠᠬᠢᠭᠤᠯᠵᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠪᠠᠶᠢᠭᠠᠳ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠲᠥᠯᠥᠪᠵᠢᠭᠦᠯᠵᠦ᠂ ᠭᠠᠵᠠᠷ ᠰᠣᠩᠭᠤᠬᠤ᠂ ᠵᠢᠷᠤᠵᠤ ᠲᠥᠯᠥᠪᠯᠡᠬᠦ ᠵᠡᠷᠭᠡ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠢᠳᠡᠪᠬᠢᠲᠡᠶ ᠨᠠᠶᠢᠳᠠᠪᠤᠷᠢᠵᠢᠭᠤᠯᠬᠤ ᠬᠡᠷᠡᠭᠲᠡᠶ︔ ᠠᠷᠠᠳ ᠤᠨ ᠲᠥᠯᠥᠭᠡ ᠭᠡᠬᠦ  ᠲᠤᠯᠭᠤᠷ ᠵᠤᠷᠢᠯᠳᠠ ᠶᠢ ᠪᠠᠷᠢᠮᠲᠠᠯᠠᠵᠤ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠵᠤ᠂ ︽ᠠᠷᠠᠳ ᠤᠨ ᠰᠡᠳᠬᠢᠯ ᠤᠨ ᠢᠨᠵᠧᠨᠧᠷᠢᠩ︾ ᠢ ᠪᠣᠳᠠᠲᠠᠶ ᠬᠢᠬᠦ ᠬᠡᠷᠡᠭᠲᠡᠶ︔ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠠᠶᠢᠩᠭᠤ ᠶᠢᠨ ᠪᠥᠭᠡᠳ ᠤᠷᠲᠤ ᠬᠤᠭᠤᠴᠠᠭ᠎ᠠ ᠪᠠᠷ ᠥᠷᠨᠢᠭᠦᠯᠵᠦ᠂ ᠵᠠᠰᠠᠭ ᠤᠨ ᠣᠷᠳᠣᠨ ᠳᠤ ᠬᠤᠯᠪᠣᠭᠳᠠᠬᠤ ᠵᠠᠷᠭᠤ ᠶᠢ ᠴᠠᠭ ᠲᠤᠬᠠᠶ ᠳᠤᠨᠢ ᠲᠣᠬᠢᠲᠠᠶ ᠰᠢᠢᠳᠪᠦᠷᠢᠯᠡᠵᠦ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠬᠡᠷᠡᠭᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠬᠡᠪ ᠰᠤᠷᠲᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ︔ ᠲᠣᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ︾ ᠶᠢᠨ ᠢᠨᠵᠧᠨᠧᠷᠢᠩ ᠢ ᠢᠳᠡᠪᠬᠢᠲᠡᠶ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠪᠦᠯᠬᠦᠮ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ᠲᠤᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ ᠪᠠᠶᠢᠭᠠᠳ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠳᠤ ᠣᠷᠣᠯᠴᠠᠵᠤ᠂ ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠱᠠᠲᠤᠴᠢ ᠴᠢᠨᠠᠷ ᠲᠠᠢ ᠰᠢᠯᠵᠢᠯᠲᠡ ᠶᠢ ᠵᠣᠯᠭᠠᠭᠤᠯᠬᠤ ᠶᠠᠪᠤᠴᠠ ᠳᠤ ᠬᠥᠭᠵᠢᠯᠲᠡ ᠶᠢᠨ ᠲᠣᠬᠢᠶᠠᠯ ᠣᠯᠵᠤ᠂ ᠨᠡᠭᠡᠭᠡᠯᠲᠡᠲᠦ ᠠᠷᠭ᠎ᠠ ᠵᠠᠮ ᠢ ᠰᠦᠪᠡᠭᠴᠢᠯᠡᠬᠦ ᠬᠡᠷᠡᠭᠲᠡᠶ ᠬᠡᠵᠡᠢ᠃   ᠪᠥᠬᠦᠳᠡ ᠬᠤᠷᠠᠯ ᠠᠴᠠ ᠴᠢᠬᠤᠯᠠᠴᠢᠯᠠᠬᠠᠰᠠᠨ ᠨᠢ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠭᠤᠤᠯ ᠱᠤᠭᠤᠮ ᠢ ᠪᠥᠬᠦ ᠲᠠᠯ᠎ᠠ ᠪᠠᠷ  ᠲᠤᠭᠤᠰᠢᠯᠠᠭᠤᠯᠵᠥ᠂ ᠭᠤᠤᠯ ᠱᠤᠭᠤᠮ ᠤᠨ ︽ᠬᠤᠭᠤᠰᠣᠨ᠂ ᠪᠦᠳᠦᠭᠦᠯᠢᠭ᠂  ᠶᠡᠷᠦ ᠶᠢᠨ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠶ︔ ᠪᠦᠬᠦ ᠠᠵᠢᠯᠲᠠᠳ ᠣᠷᠣᠯᠴᠠᠵᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠳᠤᠲᠠᠭᠤᠳᠠᠯ ᠢ ᠣᠨᠣᠪᠴᠢᠲᠠᠢ ᠨᠥᠬᠦᠪᠥᠷᠢᠯᠡᠬᠦ᠂ ᠬᠢᠯᠠᠰ ᠴᠡᠭ ᠢ ᠡᠭᠦᠳᠬᠦ ᠶᠢ ᠲᠤᠪᠤᠶᠢᠯᠭᠠᠨ᠂ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ︔ ᠤᠬᠠᠭᠤᠯᠭ᠎ᠠ ᠬᠥᠮᠦᠵᠢᠯ ᠢ ᠢᠯᠡ ᠲᠦᠷᠦᠭᠳᠡᠯ ᠲᠠᠢ ᠪᠦᠲᠦᠮᠵᠢᠲᠡᠢ ᠥᠷᠨᠢᠭᠦᠯᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ︔ ︽ᠭᠤᠷᠪᠠᠨ ᠲᠥᠯᠥᠪᠯᠡᠭᠡ︾ ᠶᠢ ᠬᠦᠴᠦᠲᠡᠢ ᠡᠮᠬᠢ ᠵᠢᠷᠤᠮ ᠲᠠᠢ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ︔ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠬᠡᠮ ᠰᠣᠭᠤᠭ ᠢ ᠡᠷᠡᠰ ᠰᠡᠷᠭᠡᠶᠢᠯᠡᠨ ᠠᠷᠢᠯᠭᠠᠵᠤ᠂ ᠦᠨᠳᠦᠰᠦᠲᠡᠨ ᠤ ᠬᠦᠷᠢᠶᠡᠨ ᠳᠠᠬᠢ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃    ᠪᠥᠬᠦᠳᠡ ᠬᠤᠷᠠᠯ ᠠᠴᠠ ᠱᠠᠭᠠᠷᠳᠠᠭᠰᠠᠨ ᠨᠢ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠳᠤ᠂ ᠡᠷᠬᠡᠪᠰᠢ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠥᠬᠡᠶ ᠠᠬᠢᠭᠤᠯᠵᠤ᠂ ᠲᠤᠭ ᠲᠡᠮᠳᠡᠭ ᠲᠣᠳᠣᠷᠬᠠᠶ ᠪᠠᠷ ᠵᠥᠪ ᠣᠨᠣᠪᠴᠢᠲᠠᠶ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠥᠭᠡᠷᠡᠴᠢᠯᠡᠯᠲᠡ ᠶᠢᠨ ᠡᠭᠦᠷᠭᠡ ᠶᠢᠨ ᠴᠢᠭᠯᠡᠯ ᠬᠡᠯᠪᠠᠶᠢᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠶ︔ ᠡᠷᠬᠡᠪᠰᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠰᠢᠰᠲ᠋ᠧᠮ ᠤᠨ ᠲᠠᠯ᠎ᠠ ᠪᠠᠷ ᠬᠢ ᠨᠡᠪᠲᠡᠷᠡᠯᠴᠡᠵᠦ ᠵᠣᠬᠢᠴᠠᠭᠤᠯᠬᠤ ᠪᠠ ᠠᠷᠭ᠎ᠠ ᠶᠢᠨ ᠲᠠᠯ᠎ᠠ ᠪᠠᠷ ᠠᠮᠢᠳᠤᠯᠢᠭ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ᠡᠷᠬᠡᠪᠰᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠵᠣᠷᠢᠭᠲᠠᠢ ᠪᠠᠷ ᠬᠠᠷᠰᠢ ᠰᠠᠭᠠᠳ ᠢ ᠢᠯᠠᠨ ᠳᠠᠪᠠᠵᠤ᠂ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠭᠠᠷᠭᠠᠵᠤ᠂ ᠥᠭᠡᠷᠡᠴᠢᠯᠡᠯᠲᠡ ᠶᠢᠨ ᠡᠭᠦᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠡᠷᠬᠡᠪᠰᠢ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ   ᠬᠢᠵᠦ    ᠦᠢᠯᠡᠰ ᠴᠣᠭᠴᠠᠯᠠᠬᠤ ᠴᠤᠭ ᠰᠦᠯᠳᠡ ᠪᠠᠨ ᠬᠥᠭᠵᠢᠭᠡᠬᠦ ᠬᠡᠷᠡᠭᠲᠡᠶ᠃    ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠲᠡᠮᠡᠴᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ  ᠬᠦᠨᠵᠡᠭᠡᠶᠢᠷᠡᠬᠦᠯᠵᠥ᠂ ᠲᠦᠷᠭᠡᠨ ᠪᠥᠭᠡᠳ ᠯᠠᠪᠳᠠᠭᠤᠨ ᠢᠶᠠᠷ ᠤᠷᠤᠭᠰᠢᠯᠠᠵᠤ᠂ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠲᠣᠮᠣ ᠠᠯᠬᠤᠮ ᠢᠶᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠶ ᠭᠡᠵᠦ ᠤᠷᠢᠶᠠᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号