ᠲᠠᠷᠢᠶᠠᠯᠠᠩ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠪᠠ ᠃ ᠬᠥᠭᠵᠢᠯᠲᠡ ᠶᠢᠨ ᠬᠦᠰᠡᠯ | ᠡᠷᠡᠮᠡᠯᠵᠡᠯ ᠲᠠᠢ ᠪᠥᠭᠡᠳ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢᠶᠠᠷ | ᠨᠡᠯᠢᠶᠡᠳ ᠴᠢᠩᠭ᠎ᠠ 5 ᠭᠠᠴᠠᠭ᠎ᠠ ᠶᠢ ᠳᠠᠶᠢᠴᠢᠯᠠᠵᠤ᠂ ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠬᠢᠯᠡᠵᠦ | ᠂ ︽ᠲᠠᠷᠢᠶᠠᠯᠠᠩ ᠢ ᠨᠠᠶᠢᠳᠠᠨ ᠬᠠᠮᠢᠶᠠᠷᠤᠭᠤᠯᠬᠤ᠂ ᠠᠵᠤ ᠠᠬᠤᠶᠢᠯᠠᠯ ᠢ ᠬᠠᠮᠢᠶᠠᠷᠬᠤ᠂ ᠬᠤᠷᠰᠢᠶ᠎ᠠ ᠶᠢ ᠡᠵᠡᠩᠨᠡᠬᠦ︾ | ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠬᠡᠷᠡᠭᠯᠡᠵᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ | ᠠᠬᠢᠭᠤᠯᠪᠠ᠃ 2024 ᠣᠨ ᠳᠤ᠂ ᠶᠡᠬᠡᠪᠤᠯᠠᠭ ᠬᠤᠯᠪᠣᠭᠠᠲᠤ ᠬᠤᠷᠰᠢᠶ᠎ᠠ ᠶᠢᠨ ᠨᠠᠶᠢᠳᠠᠨ ᠬᠠᠮᠢᠶᠠᠷᠤᠬᠰᠠᠨ ᠲᠠᠷᠢᠶᠠᠨ | ᠭᠠᠵᠠᠷ 1.4 ᠲᠦᠮᠡ ᠭᠠᠷᠤᠶ ᠮᠥ᠂ ᠴᠠᠭᠠᠨ ᠲᠠᠯᠠᠪᠤᠷ ᠬᠤᠯᠪᠣᠭᠠᠲᠤ ᠬᠤᠷᠰᠢᠶ᠎ᠠ ᠶᠢᠨ ᠨᠠᠶᠢᠳᠠᠨ ᠬᠠᠮᠢᠶᠠᠷᠤᠬᠰᠠᠨ | ᠲᠠᠷᠢᠶᠠᠨ ᠭᠠᠵᠠᠷ 3000 ᠭᠠᠷᠤᠶ ᠮᠥ ᠪᠤᠢ ᠃ | ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠪᠠ ᠃ | ᠲᠦᠩᠯᠢᠶᠣᠤ ᠶᠢᠨ ᠯᠢᠦᠶ ᠶᠧ ᠲᠡᠵᠢᠭᠡᠯ ᠪᠣᠷᠳᠣᠭᠠᠨ ᠤ ᠦᠢᠯᠡᠳᠪᠦᠷᠢᠲ᠋ᠠᠢ ᠬᠠᠮᠲᠤᠷᠠᠨ᠂ ︽ᠨᠠᠮ ᠤᠨ ᠡᠭᠦᠷ + ᠠᠵᠤ | ᠠᠬᠤᠶᠢᠯᠠᠯ ᠤᠨ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ + ᠮᠠᠯᠵᠢᠬᠤ ᠲᠠᠷᠢᠶᠠᠯᠠᠬᠤ ᠡᠷᠦᠬᠡ︾ ᠶᠢᠨ ᠨᠠᠶᠢᠳᠠᠨ | ᠬᠠᠮᠢᠶᠠᠷᠤᠭᠤᠯᠵᠤ ᠣᠷᠣᠯᠠᠨ ᠲᠡᠵᠢᠭᠡᠬᠦ ᠵᠠᠭᠪᠤᠷ ᠢᠶᠠᠷ ᠬᠡᠪᠴᠢᠶᠡᠵᠢᠭᠦᠯᠦᠨ ᠪᠣᠷᠳᠣᠬᠤ ᠶᠢ ᠬᠥᠭᠵᠢᠭᠦᠯᠵᠦ᠂ | ᠣᠳᠣᠬᠠᠨ ᠳᠤ ᠬᠠᠯᠠᠭᠤᠨᠬᠤᠳᠳᠤᠭ ᠭᠠᠴᠠᠭ᠎ᠠ ᠶᠢᠨ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠲᠤ ᠨᠢᠭᠡᠨᠲᠡ | ᠠᠰᠢᠬᠯᠠᠯᠳᠠ ᠳᠤ ᠤᠷᠤᠵᠥ ᠂ ᠵᠢᠱᠢᠯᠲᠡ ᠪᠠᠷ ᠦᠬᠡᠷ ᠪᠦᠷᠢ ᠶᠢᠨ ᠠᠰᠢᠭ ᠣᠷᠣᠯᠭ᠎ᠠ 1000 ᠲᠥᠭᠦᠷᠢᠭ ᠠᠴᠠ | ᠳᠡᠭᠡᠭᠰᠢ ᠳᠤ ᠬᠦᠷᠬᠦ ᠪᠤᠯᠤᠨ᠎ᠠ᠃ | ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠮ ᠢ ᠬᠠᠢᠨ ᠰᠦᠪᠡᠭᠴᠢᠯᠡᠪᠡ ᠃ | ᠬᠠᠷᠢᠶᠠᠲᠤ ᠣᠷᠣᠨ ᠤ ᠤᠰᠤᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠪᠦᠷᠳᠦᠨ᠂ ᠶᠡᠬᠡᠪᠤᠯᠠᠭ᠂ | ᠬᠤᠯᠤᠳᠤ ᠣᠪᠣᠭ᠎ᠠ ᠵᠡᠷᠭᠡ ᠭᠠᠴᠠᠭ᠎ᠠ ᠳᠤ ᠬᠠᠮᠲᠤ ᠪᠠᠷ ᠵᠢᠭᠠᠰᠤ ᠂ ᠨᠠᠶᠢᠮᠠᠯᠵᠢ ᠲᠡᠵᠢᠭᠡᠬᠦ ᠵᠡᠷᠭᠡ ᠤᠰᠤᠨ | ᠭᠠᠷᠤᠯᠲᠠ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠨ᠂ ᠠᠵᠤ ᠦᠢᠯᠡᠰ ᠤᠨ ᠣᠯᠠᠨ ᠡᠰᠢᠲᠦ ᠬᠥᠭᠵᠢᠯᠲᠡ ᠶᠢ ᠠᠬᠢᠭᠤᠯᠪᠠ | |