ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠠᠭ ᠰᠠᠶ᠋ᠢᠬᠠᠨ ᠣᠷᠣᠨ ᠪᠦᠰᠡ ᠶᠢᠨ ᠳᠠᠪᠠᠭᠤᠯᠢᠭ᠂ ᠡᠬᠢ | ᠪᠠᠶᠠᠯᠢᠭ ᠤᠨ ᠳᠠᠪᠠᠭᠤᠯᠢᠭ᠂ ᠠᠮᠢ ᠠᠬᠤᠶ ᠶᠢᠨ ᠳᠠᠪᠠᠭᠤᠯᠢᠭ ᠢ ᠨᠠᠷᠠᠲᠤ ᠲᠡᠮᠳᠡᠭᠲᠦ ᠶᠢᠨ ᠳᠠᠪᠠᠭᠤᠯᠢᠭ ᠪᠣᠯᠭᠠᠨ | ᠬᠤᠪᠢᠷᠠᠭᠤᠯᠵᠤ ᠪᠠᠶᠢᠨ᠎ᠠ᠃ | ᠣᠳᠣᠬᠠᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠸᠠᠷ ᠤᠨ ᠲᠡᠮᠳᠡᠭ ᠤᠨ ᠬᠦᠴᠦᠨ | ᠪᠥᠬᠦᠶ ᠳᠠᠩᠰᠠᠯᠠᠭᠤᠯᠤᠭᠰᠠᠨ ᠬᠡᠮᠵᠢᠶ᠎ᠡ 1600 ᠭᠠᠷᠤᠶ ᠪᠠᠶᠢᠵᠤ᠂ ᠵᠥᠪᠬᠡᠨ ᠳᠡᠭᠡᠷ᠎ᠡ ᠬᠠᠭᠠᠰ ᠵᠢᠯ ᠳᠤ ᠪᠣᠬᠢᠷᠲᠤᠯ | ᠥᠬᠡᠶ ᠢᠳᠡᠭᠡᠨ ᠤ ᠭᠡᠷᠡᠴᠢᠯᠡᠯ ᠤᠨ ᠠᠵᠤ ᠠᠬᠤᠶᠢᠯᠠᠯ 5 ᠨᠡᠮᠡᠭᠳᠡᠵᠦ᠂ ᠪᠣᠬᠢᠷᠲᠤᠯ ᠥᠬᠡᠶ ᠢᠳᠡᠭᠡᠨ ᠤ ᠭᠡᠷᠡᠴᠢᠯᠡᠯ ᠤᠨ | ᠠᠵᠤ ᠠᠬᠤᠶᠢᠯᠠᠯ 22 ᠪᠣᠯᠵᠣ᠂ 13 ᠪᠦᠲᠦᠭᠡᠭᠳᠡᠬᠦᠨ ᠲᠠᠢ ᠬᠤᠯᠪᠣᠭᠳᠠᠪᠠ᠃ 1 — 7 ᠰᠠᠷ᠎ᠠ ᠳᠤ᠂ ᠪᠦᠬᠦ | ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 52.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ | ᠲᠡᠷᠢᠭᠦᠨ ᠳᠤ ᠣᠷᠣᠪᠠ᠃ ᠡᠭᠦᠨ ᠳᠤ ᠬᠥᠯᠳᠡᠭᠡᠭᠰᠡᠨ ᠮᠢᠬ᠎ᠠ᠂ ᠲᠤᠲᠤᠷᠭ᠎ᠠ ᠲᠣᠰ ᠲᠣᠰ ᠠᠳᠠᠯᠢ | ᠬᠤᠭᠤᠴᠠᠭᠠᠨ ᠤ ᠬᠢ ᠠᠴᠠ 170.9%᠂ 69.4% ᠨᠡᠮᠡᠭᠳᠡᠪᠡ᠃ | |