8 ᠰᠠᠷ᠎ᠠ ᠶᠢᠨ19 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠩᠯᠢᠶᠤᠤ ᠬᠤᠳᠠ | ᠶᠢᠨ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠶᠢᠨ ᠪᠤᠤ ᠲᠦᠨ ᠪᠠᠯᠭᠠᠰᠤᠨ ᠤ ᠵᠢᠷᠤᠬᠠᠢ ᠭᠠᠴᠠᠭ᠎ᠠ ᠶᠢᠨ | ᠰᠢᠷᠡᠭᠡᠳᠦ ᠲᠤᠭᠤᠶᠢᠯᠠᠩ ᠤᠨ ᠬᠢᠨᠢ ᠦᠶᠡᠷ ᠢ ᠰᠡᠷᠭᠡᠶᠢᠯᠡᠬᠦ ᠠᠵᠢᠯ ᠤᠨ ᠶᠠᠪᠤᠴᠠ ᠳᠠᠭᠠᠨ ᠤᠩᠭᠤᠨ ᠮᠠᠶ᠋ᠢᠭ ᠤᠨ | ᠪᠠᠭᠤᠷᠢ ᠶᠢ ᠢᠯᠡᠷᠡᠬᠦᠯᠪᠡ᠃᠂ ᠲᠡᠭᠡᠳᠦ ᠱᠠᠳᠤᠨ ᠳᠤ ᠮᠡᠳᠡᠬᠦᠯᠦᠭᠰᠡᠨ ᠤ ᠲᠠᠷᠠᠭ᠎ᠠ᠂ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠲᠡᠦᠬᠡ ᠶᠢᠨ ᠲᠤᠷᠠᠰᠬᠠᠯᠳᠦ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ | ᠤ ᠬᠦᠷᠢᠶᠡᠯᠡᠩ᠂ ᠲᠦᠩᠯᠢᠶᠤᠤ ᠬᠤᠳᠠ ᠵᠢᠨᠲ᠋ᠡᠦᠬᠡ ᠶᠢᠨ ᠲᠤᠷᠠᠰᠬᠠᠯᠳᠦ ᠵᠦᠢᠯᠡᠰ ᠤᠨ ᠲᠤᠪᠴᠢᠶ᠎ᠠ᠂ ᠬᠤᠷᠴᠢᠨ | ᠵᠡᠬᠦᠨ ᠭᠠᠷᠤᠨ ᠬᠤᠶᠢᠳᠤ ᠬᠤᠰᠢᠭᠤᠨ ᠤ ᠲᠡᠦᠬᠡ ᠶᠢᠨ ᠲᠤᠷᠠᠰᠬᠠᠯᠳᠦ ᠵᠦᠢᠯᠡᠰ ᠤᠨ ᠰᠠᠯᠠᠭ᠎ᠠ ᠮᠦᠴᠢᠷ ᠤᠨ ᠬᠢᠨ | ᠬᠠᠮᠳᠤᠷᠠᠭᠰᠠᠨ ᠬᠠᠭᠤᠴᠢ ᠰᠤᠳᠤᠯᠤᠯ ᠤᠨ ᠠᠩᠬᠢ ᠪᠠᠶᠢᠭᠤᠯᠵᠥ᠂ ᠡᠨᠡᠬᠦ ᠤᠩᠭᠤᠨ ᠮᠠᠶ᠋ᠢᠭ ᠤᠨ ᠪᠠᠭᠤᠷᠢ ᠶᠢ ᠠᠪᠤᠷᠠᠨ | ᠬᠠᠮᠠᠭᠠᠯᠠᠬᠤ ᠴᠢᠨᠠᠷᠳᠠᠢ ᠮᠠᠯᠳᠠᠪᠠ᠃ 9 ᠰᠠᠷ᠎ᠠ ᠶᠢᠨ1 ᠤ ᠡᠳᠦᠷ ᠪᠤᠯᠳᠠᠯ᠎ᠠ᠂ ᠬᠠᠮᠳᠤᠷᠠᠭᠰᠠᠨ ᠬᠠᠭᠤᠴᠢ ᠰᠤᠳᠤᠯᠤᠯ | ᠤᠨ ᠠᠩᠬᠢ ᠤᠨ ᠬᠢᠨ ᠤ ᠬᠡᠬᠡᠷ᠎ᠡ ᠲᠠᠯ᠎ᠠ ᠶᠢᠨ ᠠᠵᠢᠯ ᠦᠨᠳᠦᠰᠦᠨ ᠳᠡᠭᠡᠨ ᠲᠠᠭᠤᠰᠴᠦ᠂ ᠬᠠᠮᠳᠤ ᠳᠤᠨᠢ | ᠮᠠᠯᠳᠠᠬᠰᠠᠨ ᠤᠷᠤ ᠶᠢ ᠲᠠᠬᠢᠨ ᠪᠦᠭᠯᠡᠪᠡ᠃ ᠳᠠᠷᠠᠭᠠᠴᠢ ᠶᠢᠨ ᠠᠯᠬᠤᠮ ᠳᠤ᠂ ᠬᠠᠮᠲᠤᠷᠠᠭᠰᠠᠨ ᠬᠠᠭᠤᠴᠢ | ᠰᠤᠳᠤᠯᠤᠯ ᠤᠨ ᠠᠩᠭᠢ ᠨᠢ ᠦᠷᠭᠦᠯᠵᠢᠯᠡᠨ ᠮᠠᠯᠲᠠᠵᠤ ᠭᠠᠷᠭᠠᠭᠰᠠᠨ ᠬᠥᠮᠦᠨ ᠤ ᠶᠠᠰᠤ᠂ ᠲᠡᠮᠦᠷ ᠪᠠᠭᠠᠵᠢ᠂ ᠸᠠᠭᠠᠷ | ᠱᠠᠭᠠᠵᠠᠩ ᠬᠡᠷᠡᠭᠰᠡᠯ ᠵᠡᠷᠭᠡ ᠦᠯᠡᠳᠡᠭᠳᠡᠯ ᠢ ᠴᠡᠪᠡᠷᠯᠡᠨ ᠬᠠᠮᠠᠭᠠᠯᠠᠬᠤ ᠪᠠ ᠮᠠᠲ᠋ᠧᠷᠢᠶᠠᠯ ᠢ ᠡᠮᠬᠢᠯᠡᠨ ᠵᠠᠳᠠᠯᠤᠯᠲᠠ ᠬᠢᠬᠦ | ᠪᠤᠯᠤᠨ᠎ᠠ ᠂ ᠥᠷᠭᠡᠨ ᠣᠯᠠᠨ ᠲᠦᠮᠡᠨ ᠠᠯᠪᠠᠨ ᠲᠠᠯ᠎ᠠ ᠶᠢᠨ ᠠᠯᠪᠠᠨ ᠵᠠᠷ ᠢ ᠠᠩᠬᠠᠷᠴᠤ᠂ ᠴᠤᠤᠷᠬᠠᠯ ᠢ ᠢᠳᠡᠭᠡᠬᠦ | ᠦᠬᠡᠢ ᠂ ᠤᠶᠢᠯᠭᠠᠯᠴᠠᠨ ᠬᠠᠮᠵᠢᠯᠴᠠᠬᠤ ᠳᠤ ᠲᠠᠯᠠᠷᠬᠠᠵᠤ ᠪᠠᠶᠢᠨ᠎ᠠ᠃ | ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ | ᠲᠡᠦᠬᠡ ᠶᠢᠨ ᠲᠤᠷᠠᠰᠬᠠᠯᠳᠤ ᠵᠦᠢᠯᠡᠰ ᠤᠨ ᠲᠤᠪᠴᠢᠶ᠎ᠠ | 2024 ᠤᠨ ᠤ 9 ᠰᠠᠷ᠎ᠠ ᠶᠢᠨ1 ᠤ ᠡᠳᠦᠷ | | | |