9 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠢ | ᠬᠤᠷᠠᠯᠳᠤᠭᠤᠯᠬᠤ ᠪᠠᠷ ᠲᠣᠭᠲᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠬᠤᠷᠠᠯ | ᠡᠷᠭᠢᠯᠡᠪᠡ᠃ | | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠠᠵᠤ | ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠭᠦᠨᠵᠡᠭᠡᠢ ᠣᠶᠢᠯᠠᠭᠠᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠬᠦᠴᠦᠯᠡᠨ ᠪᠡᠶᠡᠯᠡᠭᠦᠯᠬᠦ | ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠤᠢᠢᠯᠠᠭᠠᠨ ᠲᠤᠤᠱᠯᠠᠭᠤᠯᠵᠤ᠂ ᠡᠭᠦᠷᠢᠳᠡ | ᠵᠤᠬᠰᠤᠰᠢ ᠦᠭᠡᠢ ᠪᠠᠶᠢᠬᠤ ᠬᠠᠳᠠᠨ ᠵᠣᠷᠢᠭ ᠪᠠ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ | ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠬᠤᠷᠢᠶ᠎ᠠ ᠪᠠ | ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ | ᠴᠢᠩᠭᠠᠳᠬᠠᠨ᠂ ᠪᠥᠬᠦ ᠬᠤᠰᠢᠭᠤᠨ ᠤ ᠡᠯ᠎ᠡ ᠱᠠᠲᠤᠨ ᠤ ᠪᠠᠶᠢᠭᠤᠯᠭ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠥᠯᠢᠭᠡᠷ ᠳᠠᠭᠤᠷᠢᠶᠠᠯ | ᠪᠣᠯᠬᠤ ᠶᠢ ᠠᠬᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠳᠠᠭᠠᠭᠤᠯᠵᠤ ᠳᠠᠶᠢᠴᠢᠯᠠᠨ | ᠳᠠᠭᠠᠭᠤᠯᠵᠤ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠪᠥᠬᠦᠳᠡ | ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ | ᠭᠤᠷᠪᠠᠳᠤᠭᠠᠷ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠬᠤᠷᠢᠶᠠᠨ ᠤ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠵᠤ᠂ 9 | ᠰᠠᠷ᠎ᠠ ᠶᠢᠨ 19 ᠤ ᠡᠳᠦᠷ ᠬᠤᠷᠠᠯᠳᠤᠭᠤᠯᠬᠤ ᠪᠠᠷ ᠲᠣᠭᠲᠠᠪᠠ᠃ | ᠬᠤᠷᠠᠯ ᠠᠴᠠ ᠪᠠᠰᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠪᠤᠨ ᠶᠡᠭᠡ ᠡᠭᠦᠷᠭᠡ ᠶᠢ | ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 2024 ᠣᠨ ᠤ ᠭᠤᠣᠯᠳᠠᠯᠭ᠎ᠠ ᠲᠠᠢ ᠡᠭᠦᠷᠭᠡ ᠶᠢᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠴᠡᠭᠴᠡᠯᠡᠨ ᠰᠠᠶᠢᠵᠢᠷᠠᠭᠤᠯᠬᠤ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠬᠤᠷᠠᠯ ᠠᠴᠠ ᠪᠠᠰᠠ | ᠪᠤᠰᠤᠳ ᠵᠦᠢᠯ ᠢ ᠰᠤᠳᠤᠯᠵᠠᠢ᠃ | |