ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠪᠥᠬᠦᠳᠡ ᠬᠤᠷᠠᠯ 2024 ᠣᠨ ᠤ 9 | ᠰᠠᠷ᠎ᠠ ᠶᠢᠨ 19 ᠤ ᠡᠳᠦᠷ ᠬᠤᠷᠠᠯᠳᠤᠪᠠ᠃ ᠡᠨᠡ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ | ᠬᠤᠷᠢᠶᠠᠨ ᠤ ᠭᠡᠰᠢᠭᠦᠨ 24 ᠬᠥᠮᠦᠨ᠂ ᠣᠷᠣᠯᠠᠭᠴᠢ ᠭᠡᠰᠢᠭᠦᠨ 5 ᠬᠥᠮᠦᠨ ᠣᠷᠣᠯᠴᠠᠪᠠ᠃ ᠬᠤᠰᠢᠭᠤᠨ ᠤ ᠬᠠᠮᠢᠶ᠎ᠠ | ᠪᠥᠬᠦᠶ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ | ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠥᠬᠦᠶ ᠲᠠᠯ᠎ᠠ ᠶᠢᠨ ᠨᠥᠬᠦᠳ᠂ ᠬᠤᠰᠢᠭᠤᠨ ᠤ ᠠᠷᠪᠠᠨ | ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ | ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | | | ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠶᠠᠷᠢᠶ᠎ᠠ ᠲᠠᠯᠪᠢᠪᠠ᠃ ᠪᠥᠬᠦᠳᠡ ᠬᠤᠷᠠᠯ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠪᠣᠯᠤᠨ | ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ | ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ︽ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ | ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠬᠤᠷᠢᠶ᠎ᠠ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠨ᠂ ᠲᠠᠷᠠᠭᠠᠴᠢ ᠶᠢᠨ ᠠᠯᠬᠤᠮ ᠤᠨ | ᠥᠭᠡᠷᠡᠴᠢᠯᠡᠯᠲᠡ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠭᠦᠸᠧ ᠲᠢᠶᠠᠨ | ᠪᠦᠦ ︽ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠣᠤᠷᠠᠭ︶︾ ᠤᠨ ᠲᠤᠬᠠᠶ ᠪᠥᠬᠦᠳᠡ ᠬᠤᠷᠠᠯ ᠳᠤ | ᠲᠣᠳᠣᠷᠬᠠᠶᠢᠯᠠᠯᠲᠠ ᠬᠢᠪᠠ᠃ | ᠪᠥᠬᠦᠳᠡ ᠬᠤᠷᠠᠯ ᠠᠴᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠵᠢᠯ ᠤᠨ | ᠡᠬᠢᠨ ᠠᠴᠠ ᠨᠠᠰᠢᠬᠢ ᠠᠵᠢᠯ ᠢ ᠭᠦᠢᠴᠡᠳ ᠨᠤᠲᠠᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯ᠎ᠡ ᠵᠦᠶ᠋ᠯ ᠤᠨ ᠠᠵᠢᠯ ᠢ | ᠯᠠᠪᠳᠠᠭᠤᠨ ᠪᠠᠲᠤᠲᠠᠶ ᠠᠬᠢᠭᠤᠯᠬᠤ ᠲᠠᠯ᠎ᠠ ᠪᠠᠷ ᠢᠳᠡᠪᠬᠢᠲᠡᠶ ᠠᠬᠢᠴᠠ ᠲᠠᠢ ᠪᠣᠯᠪᠠ ᠭᠡᠵᠦ ᠰᠠᠨᠠᠯ ᠨᠢᠭᠡᠲᠡᠶ ᠦᠵᠡᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ | ᠱᠤᠭᠤᠮ ᠤᠨ ᠠᠵᠢᠯ ᠡᠮᠬᠢ ᠵᠢᠷᠤᠮ ᠲᠠᠢ ᠬᠦᠴᠦᠨ ᠲᠠᠢ᠂ ︽ᠲᠠᠪᠤᠨ ᠶᠡᠭᠡ ᠡᠭᠦᠷᠭᠡ︾ ᠠᠮᠵᠢᠯᠲᠠ ᠣᠯᠵᠤ᠂ ︽ | ᠵᠢᠷᠭᠤᠭᠠᠨ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠦᠳᠦᠭᠡᠨ | ᠪᠠᠶᠢᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠮᠡᠳᠡᠬᠦᠢ ᠳᠤᠨᠢ ᠮᠡᠳᠡᠷᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ | ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠵᠦ᠂ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠪᠦᠳᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ ᠭᠡᠵᠡᠢ᠃ | ᠪᠦᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ | ᠲᠦᠢᠯ ᠤᠨ ᠴᠢᠬᠤᠯᠠ ᠬᠤᠷᠠᠯ ᠪᠣᠯᠤᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ | ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠨᠠᠢᠮᠠᠳᠤᠭᠠᠷ ᠪᠦᠬᠦᠳᠡ ᠬᠤᠷᠠᠯ᠂ ᠲᠦᠩᠯᠢᠶᠣᠤ ᠬᠤᠳᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ | ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ | ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠵᠣᠷᠢᠭᠲᠠᠢ ᠪᠠᠷ ᠰᠢᠪᠲᠤᠯᠤᠯᠲᠠ ᠭᠠᠷᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠠᠤᠭ᠎ᠠ ᠵᠢᠷᠤᠭ ᠲᠥᠯᠥᠪᠯᠡᠭᠡ ᠶᠢ ᠯᠠᠪᠳᠠᠭᠤᠨ ᠪᠠᠲᠤᠲᠠᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ | ᠬᠡᠷᠡᠭᠲᠡᠢ ᠭᠡᠵᠡᠢ᠃ | | | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠵᠣᠷᠢᠯᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ | ᠵᠣᠷᠢᠯᠭ᠎ᠠ ᠮᠥᠨ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠴᠢᠨᠠᠷ ᠰᠠᠶᠢᠲᠠᠶ | ᠬᠥᠭᠵᠢᠯᠲᠡ ᠭᠡᠬᠦ ᠡᠨᠡ ᠬᠦ ︽ᠲᠡᠷᠢᠭᠦᠨ ᠴᠢᠬᠤᠯᠠ ᠡᠭᠦᠷᠭᠡ︾ ᠶᠢ ᠪᠠᠲᠤ ᠡᠵᠡᠮᠳᠡᠵᠦ᠂ ᠥᠭᠡᠷᠡᠴᠢᠯᠡᠯᠲᠡ | ᠨᠡᠭᠡᠭᠡᠯᠲᠡ ᠶᠢᠨ ︽ᠵᠠᠩᠭᠢᠯᠠᠭ᠎ᠠ ᠶᠢᠨ ᠠᠷᠭ᠎ᠠ︾ ᠶᠢ ᠰᠠᠶᠢᠲᠤᠷ ᠬᠡᠷᠡᠭᠯᠡᠵᠦ᠂ ᠬᠥᠭᠵᠢᠯᠲᠡ ᠶᠢᠨ ᠳᠤᠮᠳᠠᠬᠢ | ᠠᠰᠠᠭᠤᠳᠠᠯ ᠢ ᠰᠢᠢᠳᠪᠦᠷᠢᠯᠡᠵᠦ᠂ ᠦᠷᠭᠦᠯᠵᠢᠯᠡᠨ ᠳᠠᠷᠤᠯᠲᠠ ᠪᠠ ᠬᠦᠴᠦ ᠨᠡᠮᠡᠵᠦ᠂ ᠪᠦᠬᠦ ᠵᠢᠯ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ | ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠬᠤᠪᠢᠰᠤᠩᠭᠤᠢ ᠪᠠᠷ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ | ᠳᠡᠯᠭᠡᠭᠦᠷ ᠢ ᠲᠠᠨᠢᠵᠤ᠂ ᠠᠵᠠ ᠲᠣᠬᠢᠶᠠᠯ ᠢ ᠠᠮᠵᠢᠨ᠂ ᠳᠠᠪᠠᠭᠤᠯᠢᠭ ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ | ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠬᠡᠷᠡᠭᠲᠡᠢ︔ ᠨᠢᠭᠡ ᠪᠦᠯᠦᠭ ᠴᠠᠬᠢᠯᠭᠠᠨ ᠤ ᠦᠨ᠎ᠡ ᠶᠢᠨ | ᠰᠡᠷᠭᠡᠭ ᠬᠡᠯᠪᠡᠷᠢ᠂ ᠭᠠᠳᠠᠭᠠᠳᠤ ᠳᠤ ᠭᠠᠷᠭᠠᠬᠤ ᠤᠳᠤᠷᠢᠳᠤᠮᠵᠢ ᠶᠢᠨ ᠬᠡᠯᠪᠡᠷᠢ᠂ ᠪᠣᠬᠢᠷᠳᠤᠯ ᠦᠭᠡᠢ ᠴᠠᠬᠢᠯᠭᠠᠨ ᠤ | ᠰᠠᠶᠢᠨ ᠰᠢᠭ ᠬᠡᠯᠪᠡᠷᠢ ᠶᠢᠨ ᠠᠵᠤ ᠦᠢᠯᠡᠰ ᠢ ᠲᠡᠳᠡᠨ ᠠᠪᠴᠢᠷᠠᠬᠤ ᠬᠡᠷᠡᠭᠲᠡᠢ︔ ᠭᠤᠣᠯᠳᠠᠯᠭ᠎ᠠ ᠲᠠᠢ ᠠᠵᠤ | ᠦᠢᠯᠡᠰ ᠤᠨ ᠲᠣᠭᠤᠷᠢᠨ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠤᠶᠢᠲᠤ ᠬᠤᠰᠢᠭᠤᠨ ᠤ | ᠣᠨᠴᠠᠯᠢᠭ ᠲᠠᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠠᠭᠤᠳᠠᠯᠬᠤ ᠬᠡᠷᠡᠭᠲᠡᠢ︔ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠴᠢᠬᠤᠯᠠ ᠶᠡᠭᠡ | ᠲᠥᠷᠥᠯ ᠵᠦᠢᠯ᠂ ᠬᠤᠰᠢᠭᠤ ᠲᠥᠷᠥᠯ ᠵᠦᠢᠯ ᠢ ᠰᠢᠪᠲᠤᠯᠵᠤ᠂ ᠬᠦᠴᠢᠷᠳᠡᠯ ᠢ ᠰᠢᠪᠲᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠬᠤ ᠬᠡᠷᠡᠭᠲᠡᠢ︔ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠦᠯᠡᠳᠡᠭᠡᠯ ᠤᠨ | ᠲᠠᠯ᠎ᠠ ᠪᠠᠷ ᠡᠭᠦᠷᠭᠡᠯᠡᠨ ᠠᠵᠢᠯ ᠬᠢᠵᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠠᠵᠢᠯᠯᠠᠬᠤ ᠬᠡᠷᠡᠭᠲᠡᠢ︔ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠣᠪᠤᠶᠢᠯᠭᠠᠨ ᠰᠠᠶᠢᠲᠤᠷ ᠠᠳᠬᠤᠵᠤ᠂ ᠡᠭᠦᠷᠭᠡ ᠴᠢᠳᠠᠪᠤᠷᠢ ᠪᠠᠨ | ᠤᠯᠠᠮ ᠨᠢᠭᠡ ᠠᠯᠬᠤᠮ ᠬᠤᠪᠢᠷᠠᠭᠤᠯᠤᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠲᠦᠰᠢᠭᠯᠡᠨ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠤ ᠲᠠᠰ ᠳᠡᠪᠰᠢᠭᠰᠡᠨ ᠬᠡᠪ ᠢ ᠪᠣᠶ ᠪᠣᠯᠭᠠᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ︽ᠲᠠᠪᠤᠨ ᠶᠡᠭᠡ ᠡᠭᠦᠷᠭᠡ︾ ᠶᠢ ᠪᠥᠬᠦ | ᠬᠦᠴᠦᠨ ᠢᠶᠠᠷ ᠢᠶᠠᠨ ᠪᠡᠶᠡᠯᠡᠭᠦᠯᠵᠦ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ | ᠤᠬᠠᠮᠰᠠᠷ ᠢᠶᠠᠨ ᠴᠢᠩᠭᠠᠳᠬᠠᠨ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤᠮᠳᠠᠬᠢ ᠬᠦᠴᠢᠷᠳᠡᠯ᠂ | ᠠᠰᠠᠭᠤᠳᠠᠯ ᠢ ᠨᠠᠶᠢᠳᠠᠪᠤᠷᠢᠵᠢᠭᠤᠯᠬᠤ ᠳᠤ ᠴᠢᠭᠯᠡᠭᠦᠯᠦᠨ᠂ ᠪᠣᠭᠤᠮᠢ ᠶᠢ ᠰᠢᠪᠲᠤᠯᠵᠤ᠂ ᠲᠦᠭᠵᠢᠷᠡᠯ ᠢ ᠠᠷᠢᠯᠭᠠᠨ᠂ | ᠡᠯ᠎ᠡ ᠵᠦᠢᠯ ᠤᠨ ᠠᠵᠢᠯ ᠤᠨ ᠬᠤᠷᠳᠤᠴᠠ ᠪᠠᠨ ᠲᠦᠷᠭᠡᠳᠬᠡᠨ᠂ ᠪᠥᠬᠦ ᠲᠠᠯ᠎ᠠ ᠪᠠᠷ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠶ᠃ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠣᠷᠳᠣ ᠬᠤᠭᠤᠴᠠᠭ᠎ᠠ ᠪᠠᠷ | ᠪᠠᠶᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠵᠢᠴᠢ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠦᠷᠭᠡᠳᠬᠡᠨ ᠠᠬᠢᠭᠤᠯᠵᠤ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠬᠡᠷᠡᠭᠲᠡᠶ︔ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠪᠣᠯᠤᠨ | ᠥᠷᠢ ᠥᠭᠴᠡᠭᠡ᠂ ᠮᠥᠩᠭᠦᠨ ᠭᠦᠢᠯᠭᠡᠭᠡ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠬᠦᠷᠢᠶᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠠᠳᠬᠤᠵᠤ᠂ ᠠᠷᠠᠳ ᠲᠦᠮᠡᠨ ᠤ ᠠᠮᠤᠷ ᠲᠠᠶᠢᠪᠤᠩ | ᠠᠵᠤ ᠲᠦᠷᠦᠭᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ︔ ᠡᠨᠧᠷᠭᠢ ᠶᠢᠨ ᠪᠠᠶᠢᠳᠠᠯ ᠢ | ᠠᠮᠵᠢᠨ ᠤᠷᠤᠭᠰᠢᠯᠠᠵᠤ᠂ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠠᠶᠢᠭᠤᠯᠵᠤ᠂ | ᠨᠡᠩ ᠰᠢᠨᠵᠢᠯᠡᠬᠦ ᠤᠬᠠᠭᠠᠨᠴᠢ ᠪᠣᠬᠢᠷᠲᠤᠯ ᠦᠭᠡᠢ ᠡᠨᠧᠷᠭᠢ ᠪᠣᠯᠤᠨ ᠠᠵᠤ ᠦᠢᠯᠡᠰ ᠢ ᠬᠠᠮᠵᠢᠯᠴᠠᠨ ᠨᠡᠭᠡᠭᠡᠨ | ᠬᠥᠭᠵᠢᠭᠦᠯᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠠᠮᠵᠢᠯᠠᠯᠲᠤ ᠡᠨᠧᠷᠭᠢ ᠶᠢᠨ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ︔ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠵᠠᠬ᠎ᠠ ᠳᠡᠯᠭᠡᠭᠦᠷᠴᠢᠯᠡᠨ ᠪᠠᠶᠢᠭᠤᠯᠵᠤ᠂ ᠡᠯ᠎ᠡ | ᠲᠦᠷᠦᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠡᠯᠡ ᠮᠥᠩᠭᠦ | ᠰᠢᠯᠵᠢᠭᠦᠯᠦᠨ ᠥᠭᠬᠦ ᠨᠤᠷᠮ᠎ᠠ ᠶᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠨᠥᠭᠡᠴᠡᠯᠡᠵᠦ᠂ ᠤᠳᠤ ᠦᠶ᠎ᠡ ᠶᠢᠨ ᠲᠠᠷᠢᠶᠠᠯᠠᠩ | ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ | ᠳᠤᠲᠠᠭᠤᠳᠠᠯ ᠳᠤ ᠰᠠᠭᠤᠷᠢᠯᠠᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ | ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ ᠪᠠ ᠠᠰᠢᠭᠯᠠᠵᠤ᠂ ᠭᠠᠳᠠᠭᠠᠳᠤ | ᠠᠷᠠᠯᠵᠢᠶᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ | ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠠᠬᠢᠭᠤᠯᠵᠤ᠂ ᠲᠥᠷᠥᠯ ᠵᠦᠢᠯ ᠢ | ᠭᠤᠶᠤᠴᠢᠯᠠᠨ ᠮᠡᠳᠡᠭᠦᠯᠵᠦ᠂ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠲᠥᠷᠥᠯ ᠵᠦᠢᠯ ᠢ ᠪᠦᠲᠦᠭᠡᠨ | ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ ᠪᠠᠶᠢᠭᠠᠳ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠲᠥᠯᠥᠪᠵᠢᠭᠦᠯᠵᠦ᠂ ᠭᠠᠵᠠᠷ ᠰᠣᠩᠭᠤᠬᠤ᠂ | ᠵᠢᠷᠤᠵᠤ ᠲᠥᠯᠥᠪᠯᠡᠬᠦ ᠵᠡᠷᠭᠡ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠢᠳᠡᠪᠬᠢᠲᠡᠶ ᠨᠠᠶᠢᠳᠠᠪᠤᠷᠢᠵᠢᠭᠤᠯᠬᠤ | ᠬᠡᠷᠡᠭᠲᠡᠶ︔ ᠠᠷᠠᠳ ᠤᠨ ᠲᠥᠯᠥᠭᠡ ᠭᠡᠬᠦ ᠤᠭ ᠰᠠᠨᠠᠭ᠎ᠠ ᠶᠢ ᠪᠠᠷᠢᠮᠲᠠᠯᠠᠵᠤ᠂ ᠪᠡᠯᠡ ᠮᠥᠩᠭᠦ ᠴᠤᠭᠯᠠᠭᠤᠯᠬᠤ ᠠᠷᠭ᠎ᠠ | ᠵᠠᠮ ᠢ ᠥᠷᠭᠡᠳᠬᠡᠵᠦ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠵᠤ᠂ ︽ᠠᠷᠠᠳ ᠤᠨ ᠰᠡᠳᠬᠢᠯ ᠤᠨ ᠢᠨᠵᠧᠨᠧᠷᠢᠩ | ︾ ᠢ ᠪᠣᠳᠠᠲᠠᠶ ᠬᠢᠬᠦ ᠬᠡᠷᠡᠭᠲᠡᠶ︔ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠠᠶᠢᠩᠭᠤ ᠶᠢᠨ | ᠪᠥᠭᠡᠳ ᠤᠷᠲᠤ ᠬᠤᠭᠤᠴᠠᠭ᠎ᠠ ᠪᠠᠷ ᠥᠷᠨᠢᠭᠦᠯᠵᠦ᠂ ᠵᠠᠰᠠᠭ ᠤᠨ ᠣᠷᠳᠣᠨ ᠳᠤ ᠬᠤᠯᠪᠣᠭᠳᠠᠬᠤ ᠵᠠᠷᠭᠤ ᠶᠢ ᠴᠠᠭ | ᠲᠤᠬᠠᠶ ᠳᠤᠨᠢ ᠲᠣᠬᠢᠲᠠᠶ ᠰᠢᠢᠳᠪᠦᠷᠢᠯᠡᠵᠦ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠬᠡᠷᠡᠭᠯᠡᠭᠡᠨ ᠤ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠬᠡᠪ | ᠰᠤᠷᠲᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ︔ ᠲᠣᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ︾ ᠶᠢᠨ ᠢᠨᠵᠧᠨᠧᠷᠢᠩ ᠢ ᠢᠳᠡᠪᠬᠢᠲᠡᠶ ᠣᠷᠣᠭᠤᠯᠤᠨ | ᠠᠪᠴᠢᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ᠂ ᠰᠢᠨᠵᠢᠯᠡᠬᠦ ᠤᠬᠠᠭᠠᠨ ᠤ | ᠰᠤᠳᠤᠯᠭᠠᠨ ᠤ ᠮᠡᠷᠭᠡᠵᠢᠯ ᠤᠨ ᠪᠦᠯᠬᠦᠮ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠭᠤᠣᠯᠳᠠᠯᠭ᠎ᠠ ᠲᠠᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ | ᠲᠤᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ ᠪᠠᠶᠢᠭᠠᠳ ᠴᠢᠯᠥᠭᠡᠲᠦ ᠠᠷᠠᠯᠵᠢᠶᠠᠨ ᠤ ᠣᠷᠣᠨ ᠢ | ᠡᠭᠦᠳᠦᠨ ᠪᠠᠶᠢᠭᠤᠯᠬᠤ ᠢᠨᠵᠧᠨᠧᠷᠢᠩ ᠳᠤ ᠣᠷᠣᠯᠴᠠᠵᠤ᠂ ᠤᠯᠤᠰ ᠤᠨ ᠳᠣᠲᠣᠭᠠᠳᠤ ᠶᠢᠨ ᠠᠵᠤ ᠦᠢᠯᠡᠰ ᠤᠨ | ᠱᠠᠲᠤᠴᠢ ᠴᠢᠨᠠᠷ ᠲᠠᠢ ᠰᠢᠯᠵᠢᠯᠲᠡ ᠶᠢ ᠵᠣᠯᠭᠠᠭᠤᠯᠬᠤ ᠶᠠᠪᠤᠴᠠ ᠳᠤ ᠬᠥᠭᠵᠢᠯᠲᠡ ᠶᠢᠨ ᠲᠣᠬᠢᠶᠠᠯ ᠣᠯᠵᠤ᠂ | ᠨᠡᠭᠡᠭᠡᠯᠲᠡᠲᠦ ᠠᠷᠭ᠎ᠠ ᠵᠠᠮ ᠢ ᠰᠦᠪᠡᠭᠴᠢᠯᠡᠬᠦ ᠬᠡᠷᠡᠭᠲᠡᠶ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠵᠤ᠂ ᠭᠤᠤᠯ ᠱᠤᠭᠤᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠭᠤᠤᠯ ᠱᠤᠭᠤᠮ ᠤᠨ ︽ | ᠬᠤᠭᠤᠰᠣᠨ᠂ ᠪᠦᠳᠦᠭᠦᠯᠢᠭ᠂ ᠲᠡᠯᠬᠡᠷᠡᠬᠦ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠶ︔ ᠪᠦᠬᠦ | ᠠᠵᠢᠯᠲᠠᠳ ᠣᠷᠣᠯᠴᠠᠵᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠳᠤ ᠬᠦᠴᠦᠨ | ᠨᠡᠮᠡᠷᠢᠯᠡᠵᠦ᠂ ᠳᠤᠲᠠᠭᠤᠳᠠᠯ ᠢ ᠣᠨᠣᠪᠴᠢᠲᠠᠢ ᠨᠥᠬᠦᠪᠥᠷᠢᠯᠡᠬᠦ᠂ ᠬᠢᠯᠠᠰ ᠴᠡᠭ ᠢ ᠡᠭᠦᠳᠬᠦ ᠶᠢ ᠲᠤᠪᠤᠶᠢᠯᠭᠠᠨ᠂ ᠪᠣᠳᠠᠲᠤ | ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ︔ ᠤᠬᠠᠭᠤᠯᠭ᠎ᠠ ᠬᠥᠮᠦᠵᠢᠯ ᠢ ᠢᠯᠡ ᠲᠦᠷᠦᠭᠳᠡᠯ ᠲᠠᠢ | ᠪᠦᠲᠦᠮᠵᠢᠲᠡᠢ ᠥᠷᠨᠢᠭᠦᠯᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ︔ ︽ᠭᠤᠷᠪᠠᠨ ᠲᠥᠯᠥᠪᠯᠡᠭᠡ︾ ᠶᠢ ᠬᠦᠴᠦᠲᠡᠢ ᠡᠮᠬᠢ ᠵᠢᠷᠤᠮ ᠲᠠᠢ | ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ | ᠬᠡᠷᠡᠭᠲᠡᠢ︔ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠬᠡᠮ ᠰᠣᠭᠤᠭ ᠢ ᠡᠷᠡᠰ ᠰᠡᠷᠭᠡᠶᠢᠯᠡᠨ | ᠠᠷᠢᠯᠭᠠᠵᠤ᠂ ᠦᠨᠳᠦᠰᠦᠲᠡᠨ ᠤ ᠬᠦᠷᠢᠶᠡᠨ ᠳᠠᠬᠢ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ | ᠬᠠᠮᠠᠭᠠᠯᠠᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠱᠠᠭᠠᠷᠳᠠᠭᠰᠠᠨ ᠨᠢ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠳᠤ᠂ ᠡᠷᠬᠡᠪᠰᠢ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ | ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ | ᠠᠳᠬᠤᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠥᠬᠡᠶ ᠠᠬᠢᠭᠤᠯᠵᠤ᠂ ᠲᠤᠭ | ᠲᠡᠮᠳᠡᠭ ᠲᠣᠳᠣᠷᠬᠠᠶ ᠪᠠᠷ ᠵᠥᠪ ᠣᠨᠣᠪᠴᠢᠲᠠᠶ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ | ᠪᠣᠯᠭᠠᠵᠤ᠂ ᠥᠭᠡᠷᠡᠴᠢᠯᠡᠯᠲᠡ ᠶᠢᠨ ᠡᠭᠦᠷᠭᠡ ᠶᠢᠨ ᠴᠢᠭᠯᠡᠯ ᠬᠡᠯᠪᠠᠶᠢᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠶ︔ | ᠡᠷᠬᠡᠪᠰᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠰᠢᠰᠲ᠋ᠧᠮ ᠤᠨ | ᠲᠠᠯ᠎ᠠ ᠪᠠᠷ ᠬᠢ ᠨᠡᠪᠲᠡᠷᠡᠯᠴᠡᠵᠦ ᠵᠣᠬᠢᠴᠠᠭᠤᠯᠬᠤ ᠪᠠ ᠠᠷᠭ᠎ᠠ ᠶᠢᠨ ᠲᠠᠯ᠎ᠠ ᠪᠠᠷ ᠠᠮᠢᠳᠤᠯᠢᠭ ᠰᠢᠨ᠎ᠡ ᠶᠢ ᠡᠭᠦᠳᠬᠦ ᠶᠢ | ᠴᠢᠬᠤᠯᠠᠴᠢᠯᠠᠵᠤ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ᠡᠷᠬᠡᠪᠰᠢ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠵᠣᠷᠢᠭᠲᠠᠢ ᠪᠠᠷ ᠬᠠᠷᠰᠢ | ᠰᠠᠭᠠᠳ ᠢ ᠢᠯᠠᠨ ᠳᠠᠪᠠᠵᠤ᠂ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ | ᠠᠩᠬᠠᠷᠴᠤ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠭᠠᠷᠭᠠᠵᠤ᠂ ᠥᠭᠡᠷᠡᠴᠢᠯᠡᠯᠲᠡ ᠶᠢᠨ ᠡᠭᠦᠷᠭᠡ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠡᠷᠬᠡᠪᠰᠢ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠵᠠᠪᠠᠯ ᠢᠯᠠᠬᠤ | ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ | ᠤᠬᠠᠮᠰᠠᠷ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠬᠢᠵᠦ ᠦᠢᠯᠡᠰ | ᠴᠣᠭᠴᠠᠯᠠᠬᠤ ᠴᠤᠭ ᠰᠦᠯᠳᠡ ᠪᠠᠨ ᠬᠥᠭᠵᠢᠭᠡᠬᠦ ᠬᠡᠷᠡᠭᠲᠡᠶ ᠭᠡᠵᠡᠢ᠃ | ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠲᠡᠮᠡᠴᠡᠵᠦ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠦᠷᠭᠡᠨ ᠪᠥᠭᠡᠳ ᠯᠠᠪᠳᠠᠭᠤᠨ ᠢᠶᠠᠷ | ᠤᠷᠤᠭᠰᠢᠯᠠᠵᠤ᠂ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠥᠲᠥᠭᠡᠨ | ᠪᠠᠶᠢᠭᠤᠯᠤᠯᠲᠠ ᠶᠢᠨ ᠲᠣᠮᠣ ᠠᠯᠬᠤᠮ ᠢᠶᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠶ ᠭᠡᠵᠡᠢ᠃ | | | |