ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠣᠭᠲᠠᠭᠤᠨ ᠢᠶᠠᠷ ᠨᠡᠮᠡᠭᠳᠡᠵᠦ᠂ ᠦᠢᠯᠡᠳᠬᠦ ᠦᠢᠯᠡᠰ ᠤᠨ | ᠲᠤᠯᠭᠠᠭᠤᠷᠢᠯᠠᠬᠤ ᠬᠦᠴᠦᠨ ᠢᠯᠡᠷᠬᠡᠢ ᠪᠠᠶᠢᠨ᠎ᠠ | 1 — 8 ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 51.4% ᠨᠡᠮᠡᠭᠳᠡᠵᠦ᠂ 7 ᠰᠠᠷ᠎ᠠ ᠳᠠᠷᠠᠭᠠᠯᠠᠨ ᠬᠤᠶᠠᠷ | ᠣᠷᠣᠨᠲᠤ ᠲᠤᠭ᠎ᠠ ᠪᠠᠷ ᠨᠡᠮᠡᠭᠳᠡᠪᠡ᠃ ᠭᠤᠷᠪᠠᠨ ᠲᠣᠮᠣ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.3% ᠪᠠᠷ ᠪᠠᠭᠤᠷᠠᠵᠤ᠂ ᠦᠢᠯᠡᠳᠬᠦ | ᠦᠢᠯᠡᠰ 63.8% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ | ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 29.4% ᠪᠠᠷ ᠨᠡᠮᠡᠭᠳᠡᠪᠡ᠃ ᠠᠵᠢᠯ ᠲᠥᠷᠥᠯ ᠢᠶᠠᠷ | ᠬᠤᠪᠢᠶᠠᠵᠤ ᠦᠵᠡᠪᠡᠯ᠂ 7 ᠠᠵᠢᠯ ᠲᠥᠷᠥᠯ ᠤᠨ ᠨᠡᠮᠡᠭᠳᠡᠯ ᠥᠷᠲᠡᠭ ᠨᠢ ᠡᠶᠡᠷᠭᠦ ᠨᠡᠮᠡᠭᠳᠡᠯ ᠢ ᠪᠡᠶᠡᠯᠡᠭᠦᠯᠪᠡ᠃ | ᠡᠭᠦᠨ ᠳᠤ᠂ ᠡᠮ ᠡᠮᠨᠡᠯᠭᠡ ᠶᠢᠨ ᠦᠢᠯᠡᠳᠬᠦ ᠦᠢᠯᠡᠰ᠂ ᠲᠡᠮᠦᠷᠯᠢᠭ ᠪᠤᠰᠤ ᠠᠭᠤᠷᠬᠠᠶ ᠶᠢᠨ ᠪᠦᠲᠦᠭᠡᠭᠳᠡᠬᠦᠨ ᠦᠢᠯᠡᠳᠬᠦ | ᠦᠢᠯᠡᠰ᠂ ᠬᠠᠷ᠎ᠠ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠳᠪᠦᠷᠢ᠂ ᠥᠩᠭᠡᠲᠦ | ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠳᠪᠦᠷᠢ᠂ ᠲᠡᠮᠦᠷᠯᠢᠭ ᠤᠨ ᠦᠢᠯᠡᠳᠭᠡᠬᠦᠨ | ᠤ ᠦᠢᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ | ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠬᠤᠷᠳᠤᠴᠠ ᠨᠢ ᠴᠥᠮ 30% ᠶᠢ ᠳᠠᠪᠠᠪᠠ᠃ | | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠦᠷᠭᠦᠯᠵᠢᠯᠡᠨ ᠨᠡᠮᠡᠭᠳᠡᠵᠦ᠂ ᠬᠤᠶᠠᠳᠤᠭᠠᠷ | ᠠᠵᠤ ᠦᠢᠯᠡᠰ ᠦᠷᠭᠦᠯᠵᠢᠯᠡᠨ ᠬᠦᠴᠦᠯᠡᠪᠡ | 1 — 8 ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 211.3% ᠨᠡᠮᠡᠭᠳᠡᠵᠦ᠂ 7 ᠰᠠᠷ᠎ᠠ | ᠳᠠᠷᠠᠭᠠᠯᠠᠨ ᠭᠤᠷᠪᠠᠨ ᠣᠷᠣᠨᠲᠤ ᠲᠤᠭ᠎ᠠ ᠪᠠᠷ ᠨᠡᠮᠡᠭᠳᠡᠪᠡ᠃ ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ | ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.8% ᠪᠠᠷ ᠪᠠᠭᠤᠷᠠᠪᠠ︔ | ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 339.6% ᠪᠠᠷ ᠨᠡᠮᠡᠭᠳᠡᠪᠡ︔ ᠭᠤᠷᠪᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ 20.8% ᠪᠠᠷ ᠪᠠᠭᠤᠷᠠᠪᠠ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ | ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 339.6% ᠪᠠᠷ ᠨᠡᠮᠡᠭᠳᠡᠵᠦ᠂ ᠰᠠᠭᠤᠷᠢ ᠪᠡᠯᠡᠳᠬᠡᠮᠵᠢ ᠶᠢᠨ ᠪᠡᠯᠡ | ᠣᠷᠣᠭᠤᠯᠤᠯᠲᠠ 382.2% ᠢᠶᠠᠷ ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ | ᠣᠷᠣᠭᠤᠯᠤᠯᠲᠠ 54.2% ᠢᠶᠠᠷ ᠪᠠᠭᠤᠷᠠᠪᠠ᠃ | | ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠨᠡᠮᠡᠭᠳᠡᠯ ᠢᠶᠠᠨ ᠪᠠᠲᠤᠯᠠᠵᠤ᠂ ᠬᠡᠷᠡᠭᠯᠡᠭᠡᠨ ᠤ ᠬᠡᠷᠡᠭᠴᠡᠭᠡ | ᠦᠷᠭᠦᠯᠵᠢᠯᠡᠨ ᠰᠡᠷᠭᠦᠵᠦ ᠪᠠᠶᠢᠨ᠎ᠠ | 1 — 8 ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 23.3% ᠨᠡᠮᠡᠭᠳᠡᠵᠦ᠂ 1 — | 7 ᠳ᠋ᠤᠭᠠᠷ ᠰᠠᠷ᠎ᠠ ᠶᠢᠨ ᠬᠢ ᠠᠴᠠ 1.4 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠲᠠᠸᠠᠷ ᠤᠨ ᠵᠢᠵᠢᠭᠯᠡᠨ | ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 29.2% ᠢᠶᠠᠷ ᠨᠡᠮᠡᠭᠳᠡᠪᠡ᠃ | | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ | ᠪᠠᠶᠢᠵᠤ᠂ ᠣᠨᠴᠠ ᠵᠠᠷᠢᠮ ᠠᠵᠢᠯ ᠲᠥᠷᠥᠯ ᠤᠨ ᠨᠡᠮᠡᠭᠳᠡᠯ ᠤᠨ ᠬᠠᠨᠳᠤᠰᠢ ᠬᠦᠴᠦᠲᠡᠶ ᠪᠠᠶᠢᠨ᠎ᠠ | 1 — 7 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ | ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 196.8% ᠪᠠᠷ | ᠨᠡᠮᠡᠭᠳᠡᠵᠦ᠂ 1 — 6 ᠳ᠋ᠤᠭᠠᠷ ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ ᠡᠳᠦᠶ ᠲᠡᠳᠦᠶ ᠪᠠᠭᠤᠷᠠᠪᠠ᠃ | ᠡᠭᠦᠨ ᠳᠤ ᠲᠡᠭᠡᠭᠡᠵᠦ ᠪᠠᠭᠤᠯᠭᠠᠬᠤ ᠵᠥᠭᠡᠭᠡᠪᠦᠷᠢᠯᠡᠬᠦ ᠪᠠ ᠨᠥᠭᠡᠴᠡᠯᠡᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 4. | 3 ᠳᠠᠬᠢᠨ ᠨᠡᠮᠡᠭᠳᠡᠪᠡ᠃ | |