ᠭᠤᠷᠪᠠᠨ ᠳᠠᠩᠰᠠ ᠶᠢ ᠲᠤᠳᠤᠷᠬᠠᠶᠢᠯᠠᠪᠠ᠃ ︽ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︿ᠲᠠᠪᠤ ᠶᠢ | ᠬᠦᠢᠴᠡᠳᠭᠡᠬᠦ﹀ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠲᠠᠩᠰᠠ︾᠂ ︽ᠵᠢᠷᠭᠠᠯᠠᠩ ᠪᠠᠯᠭᠠᠰᠤᠨ ᠤ ᠡᠭᠦᠷᠭᠡ | ᠬᠠᠷᠢᠭᠤᠴᠠᠯᠭ᠎ᠠ ᠶᠢᠨ ᠵᠦᠢᠯᠡᠰ ᠤᠨ ᠲᠠᠩᠰᠠ︾ ᠪᠠ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠤᠮᠤ | ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠲᠠᠩᠰᠠ︾ ᠶᠢ ᠲᠣᠭᠲᠠᠭᠠᠵᠤ᠂ ᠡᠭᠦᠷᠭᠡ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠰᠢᠰᠲ᠋ᠧᠮ ᠬᠡᠰᠡᠭ ᠤᠨ ᠬᠠᠷᠢᠴᠠᠭ᠎ᠠ ᠶᠢ | ᠰᠢᠯᠤᠭᠤᠳᠬᠠᠵᠤ᠂ ᠬᠠᠷᠢᠯᠴᠠᠨ ᠵᠣᠯᠭᠠᠭᠤᠯᠬᠤ᠂ ᠬᠤᠯᠪᠣᠭᠠᠯᠠᠨ ᠲᠣᠬᠢᠷᠠᠭᠤᠯᠬᠤ ᠶᠢ ᠰᠠᠶᠢᠲᠤᠷ ᠬᠢᠪᠡ᠃ | ᠭᠤᠷᠪᠠᠨ ᠶᠠᠪᠤᠳᠠᠯ ᠢ ᠵᠢᠷᠤᠮᠵᠢᠭᠤᠯᠪᠠ ᠃ ︽ᠫᠠᠶᠢᠰᠠ᠂ ᠵᠦᠢᠯᠡᠰ᠂ ᠸᠢᠴᠠᠲ ᠤᠨ ᠪᠦᠯᠦᠭᠯᠡᠯ︾ ᠭᠤᠷᠪᠠᠨ | ᠵᠦᠢᠯ ᠤᠨ ᠠᠭᠤᠯᠭ᠎ᠠ ᠶᠢᠨ ᠲᠣᠭᠤᠷᠢᠨ ᠳᠤ᠂ ᠪᠥᠬᠦ ᠪᠠᠯᠭᠠᠰᠤ ᠪᠠᠷ ᠢᠶᠠᠨ ᠵᠢᠷᠤᠮᠵᠢᠯ ᠦᠬᠡᠢ 84 ᠬᠡᠰᠡᠭ ᠫᠠᠶᠢᠰᠠ | ᠂ 23 ᠸᠢᠴᠠᠲ ᠤᠨ ᠬᠤᠯᠪᠣᠭ᠎ᠠ ᠶᠢ ᠴᠡᠪᠡᠷᠯᠡᠵᠦ᠂ ︽ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠠᠵᠢᠯ ᠤᠨ ᠶᠠᠪᠤᠳᠠᠯ᠂ ᠲᠣᠭᠲᠠᠴᠠ ᠶᠢᠨ ᠫᠠᠶᠢᠰᠠ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠲᠤᠬᠠᠶ | ᠬᠡᠷᠡᠭᠵᠢᠭᠦᠯᠬᠦ ᠰᠠᠨᠠᠯ︾ ᠤᠨ 51 ᠵᠦᠢᠯ ᠤᠨ ᠡᠭᠦᠷᠭᠡ ᠬᠠᠷᠢᠭᠤᠴᠠᠯᠭ᠎ᠠ ᠂ 20 ᠵᠦᠢᠯ ᠤᠨ ᠲᠣᠰᠬᠤᠨ ᠤ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠭᠡᠷᠡᠴᠢᠯᠡᠬᠦ ᠵᠦᠢᠯᠡᠰ ᠢ ᠪᠡᠶᠡᠯᠡᠭᠦᠯᠪᠡ᠃ | ᠬᠤᠶᠠᠷ ᠳᠠᠩᠰᠠ ᠶᠢ ᠤᠬᠠᠭᠤᠯᠪᠠ ᠃ ᠲᠦᠩᠯᠢᠶᠣᠤ ᠬᠤᠲᠠ ᠪᠣᠯᠤᠨ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠦᠨᠳᠦᠰᠦᠨ ᠱᠠᠲᠤᠨ ᠤ | ︽ᠪᠠᠭ᠎ᠠ ᠤᠨᠠᠭ᠎ᠠ ᠪᠠᠷ ᠲᠤᠮᠤ ᠲᠡᠷᠭᠡ ᠲᠠᠲᠠᠬᠤ︾ ᠮᠠᠶ᠋ᠢᠭ ᠤᠨ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠵᠤ ᠪᠣᠭᠤᠮᠲᠠ ᠰᠢᠪᠲᠤᠯᠵᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠶᠢᠨ ᠨᠠᠷᠢᠨ | ᠲᠠᠩᠰᠠ ᠶᠢ ᠶᠡᠬᠡᠪᠡᠷ ᠤᠬᠠᠭᠤᠯᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠪᠣᠯᠤᠨ ᠣᠯᠠᠨ | ᠲᠦᠮᠡᠨ ᠤ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ | |