ᠠᠯᠲᠠᠨ ᠨᠠᠮᠤᠷ ᠤᠨ ᠶᠢᠰᠦᠨ ᠰᠠᠷ᠎ᠠ ᠳᠤ ᠶᠠᠭ ᠬᠥᠬᠡ ᠳᠠᠷᠤᠰᠢ ᠶᠢᠨ ᠡᠷᠳᠡᠨᠢ ᠰᠢᠰᠢ ᠬᠤᠷᠢᠶᠠᠬᠤ ᠤᠯᠠᠷᠢᠯ ᠪᠠᠶᠢᠵᠤ | ᠂ ᠪᠠᠰᠠ ᠴᠤ ᠮᠠᠯ ᠠᠵᠤ ᠠᠬᠤᠶ ᠶᠢᠨ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠰᠢᠵᠢᠷ ᠠᠯᠲᠠᠨ ᠬᠤᠭᠤᠴᠠᠭ᠎ᠠ | ᠪᠣᠯᠤᠨ᠎ᠠ᠃ ᠣᠶᠢᠷ᠎ᠠ ᠶᠢᠨ ᠡᠳᠦᠷ ᠤᠳ ᠲᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠴᠠᠭ ᠲᠣᠬᠢᠶᠠᠯ ᠢ | ᠠᠮᠵᠢᠨ᠂ ᠬᠦᠬᠡ ᠳᠠᠷᠤᠰᠢ ᠶᠢᠨ ᠡᠷᠳᠡᠨᠢ ᠰᠢᠰᠢ ᠶᠢ ᠬᠠᠳᠤᠵᠤ ᠬᠤᠷᠢᠶᠠᠬᠤ ᠠᠵᠢᠯ ᠢ ᠯᠠᠪᠳᠠᠭᠤᠨ ᠪᠠᠲᠤᠲᠠᠶ ᠡᠮᠬᠢ | ᠵᠢᠷᠤᠮ ᠲᠠᠢ ᠥᠷᠨᠢᠭᠦᠯᠵᠦ᠂ ᠮᠠᠯ ᠠᠵᠤ ᠠᠬᠤᠶ ᠶᠢᠨ ᠦᠷᠭᠦᠯᠵᠢᠯᠡᠨ ᠬᠥᠭᠵᠢᠬᠦ ᠳᠤ ᠪᠠᠲᠤ ᠪᠠᠬᠢ ᠰᠠᠭᠤᠷᠢ ᠶᠢ | ᠲᠠᠯᠪᠢᠵᠤ ᠥᠭᠭᠦᠭᠰᠡᠨ ᠪᠠᠶᠢᠨ᠎ᠠ᠃ | ᠰᠤᠨᠳᠤᠤ ᠰᠤᠮᠤ ᠶᠢᠨ ᠬᠦᠪᠡᠭᠡ ᠭᠠᠴᠠᠭ᠎ᠠ ᠳᠤ ᠦᠪᠦᠷ ᠮᠣᠩᠭᠤᠯ ᠤᠨ ᠴᠢᠶᠠᠨ ᠺᠧ ᠯᠠᠢ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ︽ᠠᠵᠤ ᠠᠬᠤᠶᠢᠯᠠᠯ + ᠬᠤᠷᠰᠢᠶᠠᠵᠢᠯ︾ | ᠤᠨ ᠬᠠᠮᠲᠤᠷᠠᠯᠴᠠᠭᠠᠨ ᠤ ᠵᠠᠭᠪᠤᠷ ᠢ ᠬᠡᠷᠡᠭᠯᠡᠵᠦ᠂ 2024 ᠣᠨ ᠳᠤ ᠬᠦᠬᠡ ᠳᠠᠷᠤᠰᠢ ᠶᠢᠨ ᠡᠷᠳᠡᠨᠢ ᠰᠢᠰᠢ 800 | ᠮᠥ ᠲᠠᠷᠢᠵᠤ᠂ ᠵᠢᠱᠢᠯᠲᠡ ᠪᠠᠷ ᠶᠡᠷᠦᠩᠬᠡᠶ ᠤᠨᠠᠯᠲᠠ ᠨᠢ 3000 ᠲᠣᠨ ᠣᠷᠴᠢᠮ ᠬᠦᠷᠬᠦ ᠪᠤᠯᠤᠨ᠎ᠠ᠃ | | | ᠲᠤᠰ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠨᠡᠶᠢᠭᠡᠮᠴᠢᠯᠡᠭᠰᠡᠨ ᠦᠢᠯᠡᠴᠢᠯᠡᠭᠡ ᠶᠢ | ᠶᠡᠭᠡ ᠪᠠᠷ ᠳᠡᠯᠭᠡᠷᠡᠭᠦᠯᠵᠦ᠂ ︿ᠠᠵᠤ ᠠᠬᠤᠶᠢᠯᠠᠯ + ᠬᠤᠷᠰᠢᠶᠠᠵᠢᠯ + ᠲᠠᠷᠢᠶᠠᠴᠢᠨ ᠡᠷᠦᠬᠡ﹀ ᠬᠠᠮᠲᠤᠷᠠᠯᠴᠠᠭᠠᠨ ᠤ | ᠰᠢᠨ᠎ᠡ ᠵᠠᠭᠪᠤᠷ ᠢ ᠠᠰᠢᠭᠯᠠᠨ᠂ ᠲᠠᠷᠢᠮᠠᠯ ᠤᠨ ᠦᠢᠯᠡᠰ ᠬᠢᠭᠡᠳ ᠲᠡᠵᠢᠭᠡᠨ ᠦᠷᠡᠵᠢᠭᠦᠯᠬᠦ ᠦᠢᠯᠡᠰ ᠤᠨ ᠭᠦᠨᠵᠡᠭᠡᠶ | ᠠᠭᠤᠰᠤᠯᠴᠠᠯ ᠢ ᠪᠡᠶᠡᠯᠡᠭᠦᠯᠪᠡ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ ᠲᠡᠵᠢᠭᠡᠯ ᠡᠪᠡᠰᠦ ᠪᠣᠷᠳᠣᠭᠠᠨ ᠤ ᠠᠯᠪᠠᠨ ᠭᠡᠷ ᠤᠨ ᠡᠷᠬᠢᠯᠡᠭᠴᠢ ᠭᠠᠳᠠᠰᠤ ᠬᠡᠯᠡᠪᠡ᠃ | ᠵᠢᠷᠭᠠᠯᠠᠩ ᠪᠠᠯᠭᠠᠰᠤᠨ ᠤ ᠶᠡᠬᠡᠨᠠᠭᠤᠷ ᠭᠠᠴᠠᠭᠠᠨ ᠤ ᠬᠦᠬᠡ ᠳᠠᠷᠤᠰᠢ ᠶᠢᠨ ᠡᠷᠳᠡᠨᠢ ᠰᠢᠰᠢ ᠶᠢᠨ ᠲᠠᠷᠢᠶᠠᠨ ᠳᠤ᠂ | ᠬᠠᠳᠤᠵᠤ ᠬᠤᠷᠢᠶᠠᠬᠤ ᠮᠠᠰᠢᠨ ᠬᠦᠷᠴᠢᠬᠢᠨᠡᠨ ᠠᠵᠢᠯᠯᠠᠵᠤ᠂ ᠪᠦᠳᠦᠨ ᠰᠠᠭᠤᠷᠢ ᠬᠦᠬᠡ ᠳᠠᠷᠤᠰᠢ ᠶᠢᠨ ᠡᠷᠳᠡᠨᠢ | ᠰᠢᠰᠢ ᠶᠢ ᠡᠰᠢ ᠰᠦᠷᠡᠯ ᠲᠠᠢ ᠨᠢ ᠬᠠᠮᠳᠤ ᠪᠠᠷ ᠲᠡᠷᠢ ᠲᠡᠭᠰᠢ ᠬᠡᠷᠴᠢᠵᠦ ᠬᠡᠮᠬᠡᠯᠦᠭᠡᠳ ᠲᠡᠭᠡᠭᠡᠪᠦᠷᠢ ᠶᠢᠨ ᠲᠡᠷᠭᠡᠨ ᠳᠤ | ᠰᠦᠷᠴᠢᠨ ᠲᠡᠭᠡᠭᠡᠪᠦᠷᠢᠯᠡᠵᠦ ᠶᠠᠭᠠᠷᠠᠯᠳᠤᠨ᠎ᠠ᠃ | | | ᠡᠨᠡ ᠵᠢᠯ ᠲᠤᠰ ᠭᠠᠴᠠᠭ᠎ᠠ ᠶᠢᠨ ᠲᠠᠷᠢᠶᠠᠴᠢᠳ ᠭᠦᠶᠦᠭᠡᠨ ᠪᠤᠯᠠᠵᠤ ᠳᠤᠰᠤᠯᠭᠠᠨ ᠤᠰᠤᠯᠠᠬᠤ᠂ ᠨᠢᠭᠡᠴᠢ ᠪᠦᠷᠢ | ᠳᠤ ᠲᠦᠷᠪᠡᠨ ᠰᠠᠭᠤᠷᠢ ᠲᠠᠷᠢᠬᠤ ᠰᠢᠨ᠎ᠡ ᠮᠡᠷᠭᠡᠵᠢᠯ ᠢᠶᠠᠷ ᠬᠥᠬᠡ ᠳᠠᠷᠤᠰᠢ ᠶᠢᠨ ᠡᠷᠳᠡᠨᠢ ᠰᠢᠰᠢ ᠲᠠᠷᠢᠵᠤ᠂ ᠭᠤᠷᠪᠠ | ᠤᠳᠠᠭ᠎ᠠ ᠤᠰᠤᠯᠠᠭᠰᠠᠨ ᠠᠴᠠ ᠤᠷᠭᠤᠯᠲᠠ ᠶᠢᠨ ᠪᠠᠶᠢᠳᠠᠯ ᠨᠢ ᠨᠡᠯᠢᠶᠡᠳ ᠰᠠᠶᠢᠨ ᠪᠠᠶᠢᠵᠤ ᠮᠦ ᠨᠢᠬᠡᠴᠢ ᠶᠢᠨ ᠤᠨᠠᠯᠲᠠ | ᠨᠢ ᠲᠦᠮᠡ ᠬᠤᠶᠠᠷ ᠮᠢᠩᠭᠠᠨ ᠵᠢᠩ ᠣᠷᠴᠢᠮ ᠬᠦᠷᠬᠦ ᠪᠤᠯᠤᠨ᠎ᠠ᠃ | ᠤᠨᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠨᠢ ᠥᠨᠳᠥᠷ ᠤᠨᠠᠯᠲᠠ ᠲᠠᠢ ᠨᠢᠭᠲᠠ ᠲᠠᠷᠢᠬᠤ ᠮᠡᠷᠭᠡᠵᠢᠯ ᠵᠢᠴᠢ ᠭᠦᠶᠦᠭᠡᠨ | ᠪᠤᠯᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠶᠡᠬᠡᠪᠡᠷ ᠲᠡᠯᠭᠡᠷᠡᠭᠦᠯᠵᠦ | ᠂ ᠮᠦ ᠪᠦᠷᠢ ᠳᠤ 4000 ᠠᠴᠠ 5000 ᠰᠠᠭᠤᠷᠢ ᠲᠠᠷᠢᠵᠤ᠂ ᠮᠦ ᠪᠦᠷᠢ ᠶᠢᠨ ᠳᠤᠮᠳᠠᠴᠢ ᠤᠨᠠᠯᠲᠠ ᠨᠢ 4.5 — | 5 ᠲᠣᠨ ᠬᠦᠷᠴᠦ᠂ ᠤᠯᠠᠮᠵᠢᠯᠠᠯᠲᠤ ᠲᠠᠷᠢᠮᠠᠯ ᠯᠤᠭ᠎ᠠ ᠬᠠᠷᠢᠴᠠᠭᠤᠯᠪᠠᠯ᠂ ᠮᠦ ᠪᠦᠷᠢ ᠶᠢᠨ ᠤᠨᠠᠯᠲᠠ ᠶᠢ 1 ᠠᠴᠠ 1.5 | ᠲᠣᠨ ᠲᠡᠭᠡᠭᠰᠢᠯᠡᠬᠦᠯᠪᠡ᠃ ᠡᠬᠦᠨ ᠤ ᠬᠠᠮᠳᠤ ᠪᠠᠰᠠ ᠵᠢᠯ ᠪᠦᠷᠢ ᠴᠥᠮ ᠬᠦᠬᠡ ᠳᠠᠷᠤᠰᠢ ᠨᠦᠭᠡᠴᠡᠯᠡᠬᠦ ᠲᠤᠬᠠᠶ ᠶᠢᠨ | ᠲᠠᠯᠠᠪᠤᠷ ᠤᠨ ᠬᠤᠷᠠᠯ ᠬᠤᠷᠠᠯᠳᠤᠭᠤᠯᠵᠤ᠂ ᠬᠦᠬᠡ ᠲᠠᠷᠤᠰᠢ ᠨᠦᠭᠡᠴᠡᠯᠡᠬᠦ ᠲᠣᠮᠣ ᠡᠷᠦᠬᠡ ᠵᠢᠴᠢ ᠮᠠᠯᠴᠢᠨ | ᠲᠠᠷᠢᠶᠠᠴᠢᠨ ᠤ ᠬᠥᠬᠡ ᠳᠠᠷᠤᠰᠢ ᠬᠤᠷᠢᠶᠠᠨ ᠬᠠᠳᠠᠭᠠᠯᠠᠬᠤ ᠶᠠᠪᠤᠴᠠ ᠳᠠᠬᠢ ᠠᠩᠬᠠᠷᠬᠤ ᠵᠦᠢᠯᠡᠰ ᠢ ᠵᠢᠭᠠᠨ | ᠵᠢᠯᠣᠭᠤᠳᠴᠤ᠂ ᠲᠠᠷᠢᠶᠠᠴᠢᠳ ᠢ ᠬᠠᠪᠰᠤᠷᠤᠨ ᠶᠠᠰᠤ ᠴᠢᠨᠠᠷ ᠢ ᠳᠡᠭᠡᠭᠰᠢᠯᠡᠭᠦᠯᠵᠦ᠂ ᠥᠪᠡᠷ ᠤᠨ ᠥᠷᠲᠡᠭ ᠢ | ᠪᠠᠭᠤᠷᠠᠭᠤᠯᠤᠨ᠂ ᠬᠥᠬᠡ ᠳᠠᠷᠤᠰᠢ ᠶᠢᠨ ᠵᠣᠭᠤᠷᠢ ᠶᠢᠨ ᠪᠦᠬᠦᠯᠢ ᠴᠣᠭᠴᠠ ᠶᠢᠨ ᠶᠠᠰᠤ ᠴᠢᠨᠠᠷ ᠤᠨ ᠬᠢᠷᠢ ᠲᠦᠪᠰᠢᠨ ᠢ | ᠳᠡᠭᠡᠭᠰᠢᠯᠡᠭᠦᠯᠪᠡ᠃ | | | ᠤᠶᠢᠯᠠᠭᠠᠯᠳᠠ ᠪᠠᠷ᠂ 2024 ᠣᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠦᠬᠡ | ᠳᠠᠷᠤᠰᠢ ᠶᠢᠨ ᠡᠷᠳᠡᠨᠢ ᠰᠢᠰᠢ ᠳᠠᠷᠢᠬᠤ ᠲᠠᠯᠠᠪᠠᠶ ᠨᠡᠶᠢᠲᠡ 186 ᠲᠦᠮᠡᠨ ᠮᠥ ᠪᠠᠶᠢᠵᠤ᠂ ᠡᠭᠦᠨ ᠳᠤ ᠲᠤᠰᠬᠠᠶ | ᠬᠡᠷᠡᠭᠯᠡᠬᠦ ᠬᠥᠬᠡ ᠳᠠᠷᠤᠰᠢ ᠶᠢᠨ ᠲᠠᠷᠢᠮᠠᠯ 86 ᠲᠦᠮᠡᠨ ᠮᠥ ᠪᠠᠶᠢᠵᠤ᠂ ᠵᠢᠱᠢᠯᠲᠡ ᠪᠠᠷ ᠶᠡᠷᠦᠩᠬᠡᠶ ᠤᠨᠠᠯᠲᠠ ᠨᠢ 110 | ᠳ᠋ᠦᠩᠰᠢᠭᠤᠷ ᠵᠢᠩ ᠢ ᠲᠠᠪᠠᠭ᠋ᠤ ᠪᠤᠯᠤᠨ᠎ᠠ᠃ | | |