ᠬᠤᠰᠢᠭᠤᠨ ᠤ 4 ᠠᠵᠤ ᠠᠬᠤᠶᠢᠯᠠᠯ ᠤᠨ 8 ᠵᠠᠬ᠎ᠠ ︵ᠢᠵᠢ︶ ᠲᠠᠸᠠᠷ ᠂ 2024 ᠳᠤᠮᠳᠠᠳᠤ ᠤᠯᠤᠰ ᠤᠨ | ᠣᠨᠴᠠᠯᠢᠭ ᠲᠠᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠳᠤ ᠣᠷᠣᠯᠴᠠᠪᠠ᠃ ᠮᠠᠨ ᠤ ᠬᠤᠰᠢᠭᠤᠨ ᠤ ᠥᠪᠥᠷ | ᠮᠣᠩᠭᠤᠯ ᠤᠨ ᠮᠠᠯᠴᠢᠨ ᠴᠠᠭᠠᠨ ᠢᠳᠡᠭᠡᠨ ᠤ ᠬᠢᠵᠠᠭᠠᠷᠲᠤ ᠺᠣᠮᠫᠠᠨᠢ᠂ ᠢᠳᠡᠷᠡᠬᠦᠨ ᠠᠷᠠᠰᠤᠨ ᠰᠡᠶᠢᠯᠦᠮᠡᠯ ᠤᠨ ᠭᠠᠷ | ᠤᠷᠠᠯᠠᠯ ᠤᠨ ᠦᠢᠯᠡᠳᠬᠡᠯ ᠤᠨ ᠭᠠᠵᠠᠷ᠂ ᠥᠪᠥᠷ ᠮᠣᠩᠭᠤᠯ ᠤᠨ ᠮᠠᠯᠴᠢᠨ ᠢᠳᠡᠭᠡᠨ ᠤ ᠰᠢᠨᠵᠢᠯᠡᠬᠦ ᠮᠡᠷᠭᠡᠵᠢᠯ ᠤᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠠᠨᠵᠤᠭ᠎ᠠ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ | 4 ᠠᠵᠤ ᠠᠬᠤᠶᠢᠯᠠᠯ ᠤᠨ 8 ︵ᠢᠵᠢ︶ ᠤᠷᠤᠯᠳᠤᠭᠠᠨ ᠳᠤ ᠣᠷᠣᠯᠴᠠᠭᠰᠠᠨ ᠲᠠᠸᠠᠷ ᠢ ᠥᠪᠡᠷᠲᠡᠭᠡᠨ ᠵᠠᠰᠠᠬᠤ | ᠣᠷᠣᠨ ᠤ ᠵᠢᠭᠤᠯᠴᠢᠯᠠᠯ ᠤᠨ ᠨᠡᠶᠢᠭᠡᠮᠯᠢᠭ ᠤᠨ ᠨᠠᠷᠢᠨ ᠨᠢᠮᠪᠠᠢ ᠰᠢᠭᠰᠢᠨ ᠰᠣᠩᠭᠤᠯᠲᠠ ᠪᠠᠷ ᠳᠠᠮᠵᠢᠭᠤᠯᠵᠤ᠂ 2024 | ᠣᠨ ᠤ ᠳᠤᠮᠳᠠᠳᠤ ᠤᠯᠤᠰ ᠤᠨ ᠣᠨᠴᠠᠯᠢᠭ ᠲᠠᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠳᠤ ᠤᠷᠤᠯᠴᠠᠭᠤᠯᠬᠤ | ᠪᠠᠷ ᠲᠣᠭᠲᠠᠪᠠ᠃ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠵᠤ ᠥᠷᠨᠢᠭᠦᠯᠦᠭᠰᠡᠨ 2024 ᠣᠨ ᠤ ᠪᠥᠬᠦ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠩᠨᠡᠭᠡ ᠶᠢᠨ ᠪᠠᠶᠢᠭᠤᠯᠤᠯᠲᠠ ᠶᠢᠨ ᠲᠡᠷᠢᠭᠦᠨ ᠤ ᠨᠡᠶᠢᠲᠡᠯᠢᠭ | ᠵᠢᠱᠢᠶ᠎ᠡ ᠶᠢ ᠰᠣᠩᠭᠤᠨ ᠭᠠᠷᠭᠠᠬᠤ ᠠᠵᠢᠯᠯᠠᠭ᠎ᠠ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ ᠨᠢ ᠰᠢᠯᠢᠳᠡᠭ ᠵᠣᠬᠢᠶᠠᠨ ᠪᠠᠶᠢᠭᠤᠯᠬᠤ ᠨᠢᠭᠡᠴᠡ ᠪᠠᠷ ᠦᠨᠡᠯᠡᠭᠳᠡᠪᠡ︔ ᠭᠠᠨᠵᠤᠭ᠎ᠠ | ᠪᠠᠯᠭᠠᠰᠤᠨ ᠤ ᠮᠧᠩ ᠮᠧᠶ ᠲᠢᠩ ᠨᠥᠬᠦᠷ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠯᠢᠳᠡᠭ ᠮᠡᠳᠡᠭᠡ | ᠵᠠᠩᠭᠢᠴᠢ ᠶᠢᠨ ᠴᠣᠯᠠ ᠬᠦᠷᠲᠡᠵᠦ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠦᠦ | ᠶᠦᠩ ᠯᠢ ᠨᠥᠬᠦᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠶᠢᠨ ᠴᠣᠯᠠ | ᠭᠥᠷᠳᠡᠪᠡ᠃ |