ᠭᠦᠸᠧ ᠲᠢᠶᠠᠨ ᠪᠦᠦ ᠵᠢᠩ ᠭᠠᠩ ᠱᠠᠨ ᠳᠤ ᠬᠦᠷᠴᠦ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2024/9/30
    9 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠵᠢᠩ ᠭᠠᠩ ᠱᠠᠨ ᠳᠤ ᠬᠦᠷᠴᠦ᠂ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠠᠩ ᠾᠦᠢ ᠣᠷᠣᠯᠴᠠᠪᠠ᠃
  郭天宝到井冈山与年轻干部培训班学员.jpg
     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠬᠡᠰᠡᠭ ᠰᠤᠷᠤᠭᠴᠢᠳ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠦᠸᠧ ᠲᠢᠶᠠᠨ ᠪᠦᠦ ᠱᠠᠭᠠᠷᠳᠠᠯᠭ᠎ᠠ ᠪᠠ ᠬᠦᠰᠡᠯ ᠡᠷᠡᠮᠡᠯᠵᠡᠯ ᠳᠤᠷᠠᠳᠪᠠ᠃      ᠲᠡᠷᠡ ᠵᠢᠭᠠᠵᠤ ᠭᠠᠷᠭᠠᠭᠰᠠᠨ ᠨᠢ᠂ ᠣᠳᠣᠬᠠᠨ ᠳᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠰᠠᠶᠢᠵᠢᠷᠠᠬᠤ ᠪᠠᠶᠢᠳᠠᠯ ᠢᠯᠡᠷᠡᠵᠦ᠂ ᠪᠠᠰᠠ ᠮᠠᠰᠢ ᠣᠯᠠᠨ ᠥᠷᠢᠰᠥᠯᠳᠦᠭᠡᠨ ᠪᠠ ᠠᠵᠠ ᠲᠣᠬᠢᠶᠠᠯ ᠲᠤᠯᠭᠠᠷᠠᠵᠤ ᠪᠠᠶᠢᠨ᠎ᠠ᠃ ᠵᠠᠯᠠᠭᠤ ᠺᠠᠳ᠋ᠷᠴᠤᠳ ᠪᠦᠬᠦ ᠬᠤᠰᠢᠭᠤᠨ ᠤ ᠺᠠᠳ᠋ᠷ ᠤᠨ ᠡᠩᠨᠡᠭᠡᠨ ᠤ ᠭᠤᠣᠯ ᠬᠦᠴᠦᠨ ᠪᠣᠯᠤᠭᠰᠠᠨ ᠤ ᠬᠤᠪᠢ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠢᠲᠡᠭᠡᠯ ᠪᠢᠰᠢᠷᠡᠯ ᠢᠶᠠᠨ ᠪᠠᠲᠤᠳᠬᠠᠵᠤ᠂ ᠢᠮᠠᠭᠲᠠ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ︔ ᠠᠵᠠ ᠲᠣᠬᠢᠶᠠᠯ ᠢ ᠨᠠᠨᠳᠢᠩᠨᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠴᠠᠭ ᠦᠶ᠎ᠡ ᠶᠢᠨ ᠢᠷᠠᠭᠤ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠦᠷᠭᠦᠯᠵᠢᠯᠡᠨ ᠲᠡᠮᠡᠴᠡᠬᠦ ᠬᠡᠷᠡᠭᠲᠡᠢ︔ ᠬᠦᠴᠦᠷᠬᠡᠭᠵᠢᠬᠦ ᠪᠠᠷ ᠵᠣᠷᠢᠭ ᠰᠢᠭᠤᠳᠴᠤ᠂ ᠴᠥᠬᠦᠷᠡᠰᠢ ᠥᠬᠡᠶ ᠠᠵᠢᠯᠯᠠᠵᠤ᠂ ᠵᠣᠷᠢᠭᠲᠠᠶ ᠬᠢᠵᠦ ᠵᠣᠷᠢᠭᠲᠠᠶ ᠰᠢᠪᠲᠤᠯᠬᠤ ᠵᠣᠷᠢᠭ ᠰᠠᠨᠠᠭ᠎ᠠ᠂ ᠥᠷᠢᠰᠥᠯᠳᠦᠭᠡᠨ ᠤ ᠬᠢᠵᠠᠭᠠᠷ ᠥᠬᠡᠶ ᠲᠡᠮᠡᠴᠡᠯ ᠤᠨ ᠵᠣᠷᠢᠭ ᠢᠶᠠᠨ ᠢᠮᠠᠭᠲᠠ ᠪᠠᠷᠢᠮᠲᠠᠯᠠᠵᠤ᠂ ᠴᠠᠭ ᠦᠶ᠎ᠡ ᠳᠤ ᠣᠰᠣᠯᠳᠠᠬᠤ ᠥᠬᠡᠶ᠂ ᠵᠠᠯᠠᠭᠤ ᠨᠠᠰᠤᠨ ᠳᠠᠭᠠᠨ ᠣᠰᠣᠯᠳᠠᠬᠤ ᠥᠬᠡᠶ᠂ ᠨᠠᠮ ᠪᠠ ᠠᠷᠠᠳ ᠲᠦᠮᠡᠨ ᠤ ᠦᠢᠯᠡᠰ ᠲᠤ ᠣᠰᠣᠯᠳᠠᠬᠤ ᠥᠬᠡᠶ ᠪᠠᠶᠢᠬᠤ ᠶᠢ ᠴᠢᠷᠮᠠᠶᠢᠨ ᠬᠢᠬᠦ ᠬᠡᠷᠡᠭᠲᠡᠶ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号