ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠴᠢᠳᠠᠪᠤᠷᠢ ᠶᠢ ᠲᠡᠭᠡᠭᠰᠢᠯᠡᠬᠦᠯᠪᠡ ᠃ ᠪᠦᠬᠦ ᠲᠠᠯ᠎ᠠ ᠶᠢᠨ ᠲᠤᠬᠠᠶᠢᠯᠠᠭᠰᠠᠨ ᠠᠵᠢᠯ ᠤᠨ ᠲᠠᠰᠤᠭ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠵᠠᠭᠪᠤᠷ ᠢ ᠬᠠᠶᠢᠨ ᠰᠦᠪᠡᠭᠴᠢᠯᠡᠵᠦ᠂ ᠬᠠᠤᠯᠢ ᠴᠠᠭᠠᠵᠠ ᠬᠠᠤᠯᠢ | ᠲᠣᠭᠲᠠᠭᠠᠯ᠂ ᠠᠵᠢᠯ ᠮᠡᠷᠭᠡᠵᠢᠯ ᠤᠨ ᠬᠡᠪ ᠪᠣᠯᠪᠠᠰᠤᠷᠠᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ | ᠬᠥᠮᠦᠵᠢᠯ ᠢ ᠭᠤᠤᠯᠳᠠᠯᠭ᠎ᠠ ᠲᠠᠢ ᠪᠣᠯᠪᠠᠰᠤᠷᠠᠭᠤᠯᠤᠯ ᠤᠨ ᠠᠭᠤᠯᠭ᠎ᠠ ᠪᠣᠯᠭᠠᠨ᠂ ᠬᠠᠤᠯᠢ ᠶᠣᠰᠣᠭᠠᠷ ᠵᠠᠰᠠᠭ | ᠶᠠᠪᠤᠭᠤᠯᠬᠤ ᠴᠢᠳᠠᠪᠤᠷᠢ ᠪᠠᠨ ᠦᠨᠡᠨᠬᠦ ᠲᠡᠭᠡᠭᠰᠢᠯᠡᠬᠦᠯᠪᠡ᠃ | ᠬᠢᠴᠢᠶᠡᠯ ᠢ ᠨᠠᠷᠢᠯᠢᠭ ᠪᠣᠳᠠᠲᠠᠶ ᠪᠠᠶᠢᠯᠭᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠪᠡ᠃ ︽ᠶᠠᠭᠤ ᠬᠢᠪᠡᠯ ᠶᠠᠭᠤ ᠶᠢ ᠰᠤᠷᠴᠤ᠂ ᠶᠠᠭᠤ ᠳᠤᠲᠠᠪᠠᠯ | ᠶᠠᠭᠤ ᠶᠢ ᠨᠥᠬᠦᠪᠥᠷᠢᠯᠡᠬᠦ︾ ᠵᠠᠷᠴᠢᠮ ᠢ ᠪᠠᠷᠢᠮᠲᠠᠯᠠᠵᠤ᠂ ᠭᠠᠷᠠᠭ ᠤᠨ ᠭᠤᠷᠪᠠᠨ ᠳᠤ ᠲᠣᠪᠴᠢᠶ᠎ᠠ ᠶᠢᠨ ᠤᠳᠤᠷᠢᠳᠬᠤ | ᠪᠠᠭ ᠤᠨ ᠪᠦᠷᠢᠯᠳᠦᠬᠦᠨ ᠪᠠ ᠲᠠᠰᠤᠭ ᠤᠨ ᠬᠠᠷᠢᠭᠤᠴᠠᠯᠭᠠᠲᠠᠨ ᠠᠶᠤᠯᠭᠦᠶ ᠦᠶ᠋ᠯᠡᠳᠪᠦᠷᠢᠯᠡᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ | ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠵᠡᠷᠭᠡ ᠲᠤᠬᠠᠶᠢᠯᠠᠭᠰᠠᠨ ᠠᠵᠢᠯ ᠤᠨ ᠬᠦᠷᠢᠶᠡᠨ ᠳᠤ ᠲᠤᠰᠬᠠᠶ | ᠰᠡᠳᠦᠪᠲᠦ ᠲᠠᠶᠢᠯᠤᠮᠵᠢ ᠬᠢᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠺᠠᠳ᠋ᠷ ᠤᠨ ᠠᠰᠠᠭᠤᠳᠠᠯ ᠢ | ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠪᠠ ᠃ ᠪᠠᠶᠢᠩᠭᠤᠵᠢᠭᠰᠠᠨ ᠪᠣᠯᠪᠠᠰᠤᠷᠠᠯ ᠬᠢᠭᠡᠳ ᠱᠠᠳᠤᠴᠢ | ᠴᠢᠨᠠᠷᠲᠠᠢ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ | ᠰᠤᠷᠤᠯᠴᠠᠬᠤ ᠠᠭᠤᠯᠭ᠎ᠠ ᠶᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠠᠮᠤᠷ ᠲᠦᠪᠰᠢᠨ ᠤ | ᠰᠡᠷᠭᠡᠶᠢᠯᠡᠯᠳᠡ ᠶᠢᠨ ᠱᠤᠭᠤᠮ ᠢ ᠪᠠᠳᠤᠳᠬᠠᠪᠠ᠃ |