1 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠳᠤᠮᠳᠠᠳᠤ | ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠨᠢᠭᠡᠳᠦᠭᠡᠷ ᠵᠢᠷᠤᠭ ᠲᠥᠯᠥᠪᠯᠡᠭᠡᠨ ᠤ ᠬᠦᠷᠢᠶᠡᠯᠡᠩ ᠤᠨ | ᠳᠠᠷᠤᠭ᠎ᠠ ᠸᠠᠩ ᠺᠠᠶ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠ ᠶᠢᠰᠦᠳᠦᠭᠡᠷ ᠲᠣᠪᠴᠢᠶ᠎ᠠ ᠶᠢᠨ ᠵᠡᠭᠦᠨ | ᠬᠤᠶᠢᠲᠤ ᠣᠷᠣᠨ ᠤ ᠵᠢᠯᠣᠭᠤᠳᠬᠤ ᠭᠠᠵᠠᠷ ᠤᠨ ᠳᠡᠳ᠋ ᠳᠠᠭᠠᠭᠠᠮᠠᠯ ᠳ᠋ᠧᠩ ᠰᠢᠶᠤᠤ ᠹᠸᠢ ᠨᠠᠷ ᠲᠠᠢ ᠵᠣᠯᠭᠠᠭᠤᠯᠤᠨ | ᠵᠥᠪᠳᠡᠯᠴᠡᠵᠦ᠂ ᠬᠤᠶᠠᠷ ᠲᠠᠯ᠎ᠠ ᠪᠠᠷ ᠢᠶᠠᠨ ᠤᠰᠤᠲᠤᠯ ᠢ ᠵᠠᠰᠠᠬᠤ ᠲᠤᠬᠠᠢ ᠭᠦᠨᠵᠡᠭᠡᠶ ᠰᠣᠯᠢᠯᠴᠠᠪᠠ᠃ | | ᠭᠦᠸᠧ ᠲᠢᠶᠠᠨ ᠪᠦᠦ ᠠᠵᠤ ᠠᠬᠤᠶᠢᠯᠠᠯ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠰᠤᠨ | ᠰᠢᠰᠲ᠋ᠧᠮ ᠤᠨ ᠲᠠᠷᠬᠠᠯᠲᠠ ᠶᠢᠨ ᠪᠠᠶᠢᠳᠠᠯ ᠢ ᠲᠠᠨᠢᠯᠴᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠮᠤ | ᠪᠠᠯᠭᠠᠰᠤ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠪᠠᠶᠢᠴᠠᠭᠠᠨ ᠰᠤᠳᠤᠯᠤᠯᠲᠠ ᠬᠢᠵᠦ᠂ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠸᠠᠩ ᠺᠠᠶ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠣᠯᠤᠮᠵᠢᠲᠤ ᠰᠤᠳᠤᠯᠭᠠᠨ ᠢ | ᠭᠦᠨᠵᠡᠭᠡᠶ ᠬᠢᠵᠦ᠂ ᠵᠠᠰᠠᠬᠤ ᠲᠥᠰᠦᠯ ᠲᠣᠭᠲᠠᠭᠠᠨ᠂ ᠲᠠᠷᠢᠶᠠᠯᠠᠬᠤ ᠴᠠᠭ ᠠᠴᠠ ᠡᠮᠦᠨ᠎ᠡ ᠪᠣᠳᠠᠲᠠᠶ ᠭᠠᠵᠠᠷ ᠲᠤᠨᠢ | ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ ᠭᠡᠵᠦ ᠢᠯᠡᠳᠬᠡᠪᠡ᠃ |