ᠭᠦᠸᠧ ᠲᠢᠶᠠᠨ ᠪᠦᠦ ᠰᠤᠷᠭᠠᠨ ᠬᠥᠮᠦᠵᠢᠯ ᠤᠨ ᠠᠵᠢᠯ ᠢ ᠲᠤᠰᠬᠠᠢ ᠰᠡᠳᠦᠪ ᠢᠶᠠᠷ ᠲᠣᠬᠢᠷᠠᠭᠤᠯᠪᠠ
ᠨᠡᠶᠢᠲᠡᠯᠡᠭᠰᠡᠨ ᠴᠠᠭ᠄
2025/1/10
   1 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠬᠤᠷᠠᠯ ᠬᠤᠷᠠᠯᠳᠤᠭᠤᠯᠵᠤ᠂ ᠲᠤᠰᠬᠠ᠊ ᠰᠡᠳᠦᠪ ᠢᠶᠠᠷ ᠰᠤᠷᠭᠠᠨ ᠬᠥᠮᠦᠵᠢᠯ ᠤᠨ ᠠᠵᠢᠯ ᠢ ᠲᠣᠬᠢᠷᠠᠭᠤᠯᠪᠠ᠃ ᠬᠤᠰᠢᠭᠤᠨ ᠤ ᠤᠳᠤᠷᠢᠳᠤᠯᠭ᠎ᠠ ᠸᠧᠨ ᠮᠢᠩ᠂ ᠰᠦᠨ ᠵᠢᠶᠠᠨ ᠸᠧᠨ ᠵᠢᠴᠢ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃
郭天宝专题调度教育工作.jpg 
    ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠦᠢᠯᠡᠰ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠬᠦ ᠨᠢ ᠣᠷᠣᠨ ᠨᠤᠲᠤᠭ ᠤᠨ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠨ᠎ᠠ᠃ ᠣᠶᠢᠷ᠎ᠠ ᠶᠢᠨ ᠵᠢᠯ ᠤᠨ ᠲᠤᠷᠰᠢᠬᠢ ᠰᠤᠷᠭᠠᠨ ᠬᠥᠮᠦᠵᠢᠯ ᠤᠨ ᠠᠵᠢᠯ ᠤᠨ ᠣᠯᠤᠭᠰᠠᠨ ᠠᠮᠵᠢᠯᠲᠠ ᠪᠣᠯᠤᠨ ᠣᠷᠣᠰᠢᠵᠤ ᠪᠠᠶᠢᠭ᠎ᠠ ᠵᠥᠷᠢᠶ᠎ᠡ ᠶᠢ ᠪᠥᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠰᠤᠷᠭᠠᠨ ᠬᠥᠮᠦᠵᠢᠯ ᠤᠨ ᠠᠵᠢᠯ ᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ᠂ ᠡᠬᠢ ᠪᠠᠶᠠᠯᠢᠭ ᠤᠨ ᠲᠤᠬᠢᠷᠠᠭᠤᠯᠤᠯᠳᠠ᠂ ᠶᠠᠰᠤ ᠴᠢᠨᠠᠷ ᠤᠨ ᠳᠡᠭᠡᠭᠰᠢᠯᠡᠯᠲᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠠᠷᠭᠠᠴᠠᠬᠤ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠰᠡᠳᠬᠢᠬᠦᠶ ᠶᠢ ᠰᠠᠶᠢᠲᠤᠷ ᠬᠡᠷᠡᠭᠯᠡᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠣᠭᠲᠠᠭᠤᠨ ᠢᠶᠠᠷ ᠨᠠᠶᠢᠳᠠᠪᠤᠷᠢᠵᠢᠭᠤᠯᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠰᠤᠷᠭᠠᠨ ᠬᠥᠮᠦᠵᠢᠯ ᠤᠨ ᠬᠦᠴᠦᠷᠬᠡᠭ ᠬᠤᠰᠢᠭᠤ ᠶᠢ ᠲᠦᠷᠭᠡᠳᠬᠡᠨ ᠪᠠᠶᠢᠭᠤᠯᠬᠤ ᠬᠡᠷᠡᠭᠲᠡᠶ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号