ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ | ᠬᠤᠯᠪᠣᠭᠠᠲᠤ ᠬᠤᠷᠠᠯ ᠠᠴᠠ ︽2024 ᠣᠨ ᠤ ᠬᠤᠰᠢᠭᠤ ᠰᠢᠶᠠᠨ ᠤ ᠱᠠᠲᠤᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠪᠠᠶᠢᠭᠤᠯᠤᠯᠲᠠ ᠶᠢᠨ ᠰᠢᠯᠢᠳᠡᠭ ᠦᠯᠢᠭᠡᠷ ᠵᠢᠱᠢᠶ᠎ᠡ︾ ᠶᠢ ᠵᠠᠷᠯᠠᠨ ᠮᠡᠳᠡᠭᠳᠡᠪᠡ᠃ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ︽︿ᠨᠠᠢᠮᠠᠨ ᠦᠢᠯᠡᠴᠢᠯᠡᠭᠡᠨ ᠤ | ᠲᠠᠪᠴᠠᠩ﹀ ᠢ ᠪᠠᠶᠢᠭᠤᠯᠵᠤ ︿ᠬᠤᠶᠠᠷ ᠡᠷᠡᠭᠦᠯ ᠮᠡᠨᠳᠦ︾ ᠶᠢᠨ ᠠᠵᠢᠯ ᠢ ᠠᠬᠢᠭᠤᠯᠤᠬᠰᠠᠨ︾ ᠦᠯᠢᠭᠡᠷ ᠵᠢᠱᠢᠶ᠎ᠡ ᠨᠢ | 2024 ᠣᠨ ᠤ ᠬᠤᠰᠢᠭᠤ ᠰᠢᠶᠠᠨ ᠤ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠪᠠᠶᠢᠭᠤᠯᠤᠯᠲᠠ ᠶᠢᠨ ᠰᠢᠯᠢᠳᠡᠭ ᠦᠯᠢᠭᠡᠷ ᠵᠢᠱᠢᠶ᠎ᠡ ᠪᠠᠷ ᠦᠨᠡᠯᠡᠭᠳᠡᠪᠡ᠃ ︽ᠨᠠᠢᠮᠠᠨ ᠦᠢᠯᠡᠴᠢᠯᠡᠭᠡᠨ ᠤ ᠲᠠᠪᠴᠠᠩ︾ | ᠨᠢ ᠲᠣᠰ ᠲᠣᠰ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ᠂ ᠬᠠᠤᠯᠢ ᠴᠠᠭᠠᠵᠠ ᠶᠢᠨ ᠦᠢᠯᠡᠴᠢᠯᠡᠭᠡ᠂ ᠬᠥᠮᠦᠵᠢᠯ | ᠪᠣᠯᠪᠠᠰᠤᠷᠠᠭᠤᠯᠤᠯ᠂ ᠨᠡᠶᠢᠲᠡ ᠶᠢᠨ ᠠᠰᠠᠷᠠᠮᠵᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠲᠥᠷᠥ ᠶᠢᠨ ᠶᠠᠪᠤᠳᠠᠯ ᠳᠤ ᠣᠷᠣᠯᠴᠠᠨ | ᠲᠥᠷᠥ ᠶᠢᠨ ᠶᠠᠪᠤᠳᠠᠯ ᠢ ᠵᠦᠪᠯᠡᠬᠦ᠂ ︽ᠬᠤᠶᠠᠷ ᠡᠷᠡᠭᠦᠯ ᠮᠡᠨᠳᠦ︾ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ᠂ ᠭᠠᠵᠠᠷ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠪᠠ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ | ᠪᠤᠶᠢᠵᠢᠬᠤ ᠶᠢ ᠠᠬᠢᠭᠤᠯᠬᠤ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠪᠡ᠃ |