ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/1/13
    ᠭᠦᠸᠧ ᠲᠢᠶᠠᠨ ᠪᠦᠦ ᠴᠢᠦ ᠵᠢᠶᠦ᠋ᠨ ᠨᠡᠷ ᠬᠤᠷᠠᠯ ᠳᠤ ᠣᠷᠣᠯᠴᠠᠵᠤ ᠪᠠᠶᠠᠷ ᠬᠦᠷᠭᠡᠪᠡ    ᠵᠠᠩ ᠳ᠋ᠠ ᠯᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ    1 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠶᠡᠭᠡ ᠬᠤᠷᠠᠯ ᠤᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠰᠢᠭᠤᠨ ᠤ ᠬᠤᠷᠠᠯ ᠤᠨ ᠲᠥᠪ ᠲᠤ ᠠᠮᠵᠢᠯᠲᠠ ᠲᠠᠢ ᠲᠡᠭᠦᠰᠪᠡ᠃
 政协科左后旗第十一届委员会第四次会议胜利闭幕01.jpg
      ᠦᠳᠡ ᠶᠢᠨ ᠬᠤᠶᠢᠨᠠᠬᠢ 3 ᠴᠠᠭ ᠲᠤ ᠶᠡᠭᠡ ᠬᠤᠷᠠᠯ ᠤᠨ ᠰᠣᠩᠭᠤᠭᠤᠯᠢ ᠶᠠᠪᠤᠭᠤᠯᠪᠠ᠃    ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠳᠤ ᠨᠡᠶᠢᠲᠡ 225 ᠭᠡᠰᠢᠭᠦᠨ ᠲᠠᠢ᠂ ᠬᠤᠷᠠᠯ ᠳᠤ 189 ᠭᠡᠰᠢᠭᠦᠨ ᠣᠷᠣᠯᠴᠠᠵᠤ᠂ ︽ᠤᠯᠤᠰ ᠲᠥᠷᠥ ᠶᠢᠨ ᠵᠥᠪᠯᠡᠯᠭᠡᠨ ᠤ ᠲᠦᠷᠢᠮ︾ ᠤᠨ ᠲᠣᠭᠲᠠᠭᠠᠯ ᠳᠤ ᠨᠡᠶᠢᠴᠡᠪᠡ᠃    ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠡᠳ᠋ ᠲᠡᠷᠢᠭᠦᠯᠡᠭᠴᠢ᠂ ᠪᠠᠶᠢᠩᠭᠤ ᠶᠢᠨ ᠭᠡᠰᠢᠭᠦᠨ ᠢ ᠰᠣᠩᠭᠤᠪᠠ᠃ ᠦᠳᠡ ᠶᠢᠨ ᠬᠤᠶᠢᠨᠠᠬᠢ 4 ᠴᠠᠭ ᠲᠤ ᠲᠡᠭᠦᠰᠬᠦ ᠬᠤᠷᠠᠯ ᠬᠢᠪᠡ᠃ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 225 ᠬᠥᠮᠦᠨ᠂ ᠪᠣᠳᠠᠲᠠᠶ ᠣᠷᠣᠯᠴᠠᠭᠰᠠᠨ ᠭᠡᠰᠢᠭᠦᠨ 189 ᠬᠥᠮᠦᠨ ᠪᠠᠶᠢᠵᠤ᠂ ︽ᠤᠯᠤᠰ ᠲᠥᠷᠥ ᠶᠢᠨ ᠵᠥᠪᠯᠡᠯᠭᠡᠨ ᠤ ᠲᠦᠷᠢᠮ︾ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃    ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠴᠢᠦ ᠵᠢᠶᠦ᠋ᠨ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠳ᠋ᠠ ᠯᠢ ᠲᠡᠭᠦᠰᠬᠦ ᠶᠡᠭᠡ ᠬᠤᠷᠠᠯ ᠢ ᠡᠷᠭᠢᠯᠡᠵᠦ ᠶᠠᠷᠢᠶ᠎ᠠ ᠲᠠᠯᠪᠢᠪᠠ᠃ ᠸᠠᠩ ᠹᠦ᠋ ᠷᠦᠩ᠂ ᠶᠢᠨ ᠴᠢᠤᠸᠠᠨ᠂ ᠱᠦ ᠢᠦᠢ ᠰᠢᠨ᠂ ᠢᠦᠢ ᠰᠢᠶᠤᠤ ᠹᠧᠩ᠂ ᠾᠧ ᠰᠢ ᠶᠦᠩ ᠬᠦᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ᠄ ᠯᠢᠦ ᠸᠧᠨ ᠰᠢ᠂ ᠰᠦᠩ ᠵᠤᠷᠢᠭᠳᠤ᠂ ᠲᠡᠯᠭᠡᠷᠰᠡᠩ᠂ ᠰᠦᠨ ᠯᠢᠶᠠᠨ ᠲᠤᠤ᠂ ᠯᠢᠦ ᠶᠢᠨ ᠱᠧᠩ᠂ ᠶᠠᠩ ᠧᠨ ᠵᠧᠨ᠂ ᠪᠦ᠋ ᠰᠢᠶᠠᠩ ᠨᠢ᠂ ᠸᠧᠨ ᠮᠢᠩ᠂ ᠹᠠᠩ ᠾᠦᠢ᠂ ᠴᠢᠨ ᠭᠦᠸᠧ ᠶᠦᠩ᠂ ᠯᠢ ᠯᠸᠢ᠂ ᠯᠢᠦ ᠪᠦᠦ᠂ ᠸᠠᠩ ᠶᠢᠨ ᠴᠢᠶᠠᠩ᠂ ᠰᠢᠶᠠᠩ ᠭᠦᠸᠧ ᠸᠧᠢ᠂ ᠯᠢ ᠸᠧᠢ ᠮᠢᠩ᠂ ᠲᠤᠤ ᠵᠧᠩ ᠯᠢᠶᠠᠩ᠂ ᠰᠦᠨ ᠵᠢᠶᠠᠨ ᠸᠧᠨ᠂ ᠯᠢ ᡁᠢ᠂ ᠱᠢ ᠭᠦᠸᠧ ᠯᠢᠶᠠᠩ ᠨᠠᠷ ᠪᠤᠢ᠃ ᠶᠡᠭᠡ ᠬᠤᠷᠠᠯ ᠠᠴᠠ ᠢᠦᠢ ᠰᠢᠶᠤᠤ ᠹᠧᠩ ᠨᠥᠬᠦᠷ ᠢ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠡᠳ᠋ ᠲᠡᠷᠢᠭᠦᠯᠡᠭᠴᠢ ᠪᠠᠷ ᠰᠣᠩᠭᠤᠵᠤ᠂ ᠸᠠᠩ ᠶᠠᠨ᠂ ᠸᠠᠩ ᠯᠢ ᠬᠤᠸᠠ᠂ ᠤᠷᠠᠩᠭᠤᠸ᠎ᠠ᠂ ᠪᠦᠦ ᠰᠢᠤ ᠶᠢᠩ᠂ ᠯᠢ ᠪᠢᠩ ᠮᠧᠩ᠂ ᠶᠠᠩ ᠶᠠᠨ ᠵᠦᠩ᠂ ᠲᠤᠤ ᠶᠧ 7 ᠨᠥᠬᠦᠷ ᠢ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠭᠡᠰᠢᠭᠦᠨ ᠢᠶᠠᠷ ᠰᠣᠩᠭᠤᠪᠠ᠃    ᠶᠡᠭᠡ ᠬᠤᠷᠠᠯ ᠠᠴᠠ 2024 ᠣᠨ ᠤ ︽ᠤᠯᠤᠰ ᠲᠥᠷᠥ ᠶᠢᠨ ᠵᠥᠪᠯᠡᠯᠭᠡᠨ ᠤ ᠰᠢᠯᠢᠳᠡᠭ ᠭᠡᠰᠢᠭᠦᠨ︾ ᠤ ᠢᠷᠠᠭᠤ ᠠᠯᠳᠠᠷ ᠤᠨ ᠴᠣᠯᠠ ᠭᠥᠷᠳᠡᠭᠰᠡᠨ ᠭᠡᠰᠢᠭᠦᠨ᠂ 2024 ᠣᠨ ᠤ ︽ᠰᠢᠯᠢᠳᠡᠭ ᠰᠠᠨᠠᠯ ᠳᠤᠷᠠᠳᠤᠯᠭ᠎ᠠ︾ ᠶᠢᠨ ᠰᠠᠨᠠᠯ ᠳᠤᠷᠠᠳᠤᠯᠭ᠎ᠠ ᠶᠢᠨ ᠭᠡᠰᠢᠭᠦᠨ᠂ 2024 ᠣᠨ ᠤ ︽ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠲᠡᠷᠢᠭᠦᠨ ᠤ ᠠᠵᠢᠯᠲᠠᠨ︾ ᠤ ᠢᠷᠠᠭᠤ ᠠᠯᠳᠠᠷ ᠤᠨ ᠴᠣᠯᠠ ᠪᠠ 2024 ᠣᠨ ᠤ ︽ᠰᠠᠨᠠᠯ ᠳᠤᠷᠠᠳᠤᠯᠭ᠎ᠠ ᠶᠢ ᠭᠦᠢᠴᠡᠳᠭᠡᠭᠰᠡᠨ ᠲᠡᠷᠢᠭᠦᠨ ᠤ ᠨᠢᠭᠡᠴᠢ︾ ᠶᠢᠨ ᠢᠷᠠᠭᠤ ᠠᠯᠳᠠᠷ ᠤᠨ ᠴᠣᠯᠠ ᠭᠥᠷᠳᠡᠭᠰᠡᠨ ᠬᠤᠪᠢ ᠬᠥᠮᠦᠨ ᠪᠠ ᠨᠢᠭᠡᠴᠡ ᠶᠢ ᠬᠥᠬᠢᠭᠦᠯᠦᠨ ᠰᠠᠶᠢᠰᠢᠶᠠᠪᠠ᠃    ᠶᠡᠭᠡ ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ︔ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠰᠠᠨᠠᠯ ᠳᠤᠷᠠᠳᠤᠯᠭ᠎ᠠ ᠶᠢᠨ ᠵᠥᠪᠯᠡᠯ ᠤᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ︔ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ᠃
 政协科左后旗第十一届委员会第四次会议胜利闭幕02.jpg  
   ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ ᠵᠠᠩ ᠳ᠋ᠠ ᠯᠢ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ ᠬᠡᠯᠡᠭᠰᠡᠨ  ᠨᠢ᠂ ᠪᠦᠬᠦ ᠭᠡᠰᠢᠭᠦᠳ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠪᠤᠰᠤᠳ ᠮᠡᠳᠡᠭᠦᠯᠦᠯᠲᠡ ᠶᠢ ᠭᠦᠨᠵᠡᠭᠡᠢ ᠶᠠᠷᠢᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠳᠠᠪᠠᠭᠤᠯᠢᠭ ᠣᠨᠴᠠᠯᠢᠭ ᠢ ᠢᠯᠡᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠠᠮᠢᠵᠢᠷᠠᠯ ᠤᠨ ᠬᠦᠴᠦᠨ ᠢ ᠢᠯᠡᠷᠡᠭᠦᠯᠪᠡ ᠭᠡᠵᠡᠢ᠃    ᠵᠠᠩ ᠳ᠋ᠠ ᠯᠢ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠳᠤ ᠪᠠᠲᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠪᠣᠯᠤᠨ᠎ᠠ᠃ ᠰᠢᠨ᠎ᠡ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶ ᠬᠡᠷᠡᠭᠯᠡᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠠᠬᠢᠭᠤᠯᠵᠤ᠂ ᠬᠥᠮᠦᠰ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠣᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ ᠭᠡᠵᠡᠢ᠃
 政协科左后旗第十一届委员会第四次会议胜利闭幕03.jpg 
    ᠵᠠᠩ ᠳ᠋ᠠ ᠯᠢ ᠴᠢᠬᠤᠯᠠᠴᠢᠯᠠᠭᠰᠠᠨ ᠨᠢ᠂ ᠨᠡᠩ ᠥᠨᠳᠥᠷ ᠵᠣᠭᠰᠣᠴᠠ ᠠᠴᠠ ᠵᠥᠪ ᠴᠢᠭᠯᠡᠯ ᠢ ᠪᠠᠲᠤ ᠡᠵᠡᠮᠳᠡᠵᠦ᠂ ︽ᠨᠠᠶᠢᠳᠠᠪᠤᠷᠢᠵᠢᠭᠤᠯᠬᠤ︾ ᠪᠠ ︽ᠨᠢᠭᠲᠠᠷᠠᠭᠤᠯᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠩ ᠤᠬᠠᠮᠰᠠᠷ ᠠᠴᠠ ᠪᠠᠨ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ ᠠᠵᠢᠯ ᠢᠶᠠᠨ ᠲᠥᠯᠥᠪᠵᠢᠭᠦᠯᠦᠨ ᠥᠷᠨᠢᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠳᠤ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ᠃ ︽ᠤᠯᠤᠰ ᠲᠥᠷᠦ ᠶᠢᠨ ᠵᠥᠪᠯᠡᠯᠭᠡᠨ ᠤ ᠴᠢᠳᠠᠪᠤᠷᠢ︾ ᠪᠠᠷ ︽ᠬᠥᠭᠵᠢᠯᠲᠡ ᠶᠢᠨ ᠲᠥᠯᠥᠭᠡ︾ ᠦᠢᠯᠡᠴᠢᠯᠡᠵᠦ᠂ ᠭᠤᠣᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠯᠤᠰ ᠬᠡᠲᠦ ᠶᠢᠨ ᠴᠢᠨᠠᠷᠲᠠᠶ᠂ ᠬᠠᠨᠳᠤᠯᠭᠠᠲᠤ ᠴᠢᠨᠠᠷᠲᠠᠶ ᠂ ᠬᠡᠷᠡᠭᠵᠢᠭᠦᠯᠵᠦ ᠪᠣᠯᠬᠤᠶᠢᠴᠠ ᠴᠢᠨᠠᠷᠲᠠᠶ ᠨᠡᠩ ᠣᠯᠠᠨ ᠠᠷᠭ᠎ᠠ ᠪᠣᠳᠣᠯᠭ᠎ᠠ ᠰᠠᠨᠠᠭᠤᠯᠭ᠎ᠠ ᠳᠤᠷᠠᠳᠬᠤ ᠪᠠᠷ ᠴᠢᠷᠮᠠᠶᠢᠬᠤ ᠬᠡᠷᠡᠭᠲᠡᠶ᠃ ᠪᠦᠯᠬᠦᠮᠳᠡᠨ ᠲᠡᠮᠡᠴᠡᠬᠦ ᠪᠠᠷ ᠬᠠᠮᠲᠤ ᠶᠢᠨ ᠲᠠᠨᠢᠯᠲᠠ ᠬᠦᠴᠦᠨ ᠢ ᠨᠢᠭᠲᠠᠷᠠᠭᠤᠯᠵᠤ᠂ ᠬᠦᠴᠢᠷᠳᠡᠯ ᠤᠨ ᠪᠠᠶᠢᠳᠠᠯ ᠢ ᠪᠦᠬᠦ ᠲᠠᠯ᠎ᠠ ᠪᠠᠷ ᠰᠢᠪᠲᠤᠯᠬᠤ᠂ ᠴᠢᠨᠠᠷ ᠰᠠᠶᠢᠲᠠᠢ ᠳᠠᠪᠠᠯᠲᠠ ᠲᠠᠢ ᠪᠠᠷ ᠬᠥᠭᠡᠭᠡᠬᠦ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠭᠯᠠᠬᠤ ᠬᠡᠷᠡᠭᠲᠡᠢ ᠭᠡᠵᠡᠢ᠃
 政协科左后旗第十一届委员会第四次会议胜利闭幕04.jpg
    ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ ᠲᠡᠭᠦᠰᠪᠡ᠃           
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号