ᠭᠦᠸᠧ ᠲᠢᠶᠠᠨ ᠪᠦᠦ ᠬᠤᠷᠠᠯ ᠡᠷᠬᠢᠯᠡᠵᠦ ᠶᠠᠷᠢᠶ᠎ᠠ ᠲᠠᠯᠪᠢᠪᠠ | ᠴᠢᠦ ᠵᠢᠶᠦ᠋ᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠳᠠᠷᠤᠭ᠎ᠠ ᠪᠠᠷ ᠰᠣᠩᠭᠤᠭᠳᠠᠪᠠ | | 1 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠰᠢᠭᠤᠨ ᠤ ᠬᠤᠷᠠᠯ ᠤᠨ | ᠲᠥᠪ ᠲᠤ ᠠᠮᠵᠢᠯᠲᠠ ᠲᠠᠢ ᠲᠡᠭᠦᠰᠪᠡ᠃ | | ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 227 ᠬᠥᠮᠦᠨ᠂ ᠪᠣᠳᠠᠲᠠᠶ | ᠣᠷᠣᠯᠴᠠᠭᠰᠠᠨ ᠲᠥᠯᠥᠭᠡᠯᠡᠭᠴᠢ 214 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠨ᠎ᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠭᠦᠸᠧ ᠲᠢᠶᠠᠨ ᠪᠦᠦ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠶᠡᠭᠡ ᠬᠤᠷᠠᠯ ᠤᠨ | ᠭᠦᠢᠴᠡᠳᠬᠡᠭᠴᠢ ᠲᠡᠷᠢᠭᠦᠯᠡᠭᠴᠢ ᠴᠢᠦ ᠵᠢᠶᠦ᠋ᠨ᠂ ᠯᠢᠦ ᠸᠧᠨ ᠰᠢ᠂ ᠰᠦᠩ ᠵᠤᠷᠢᠭᠳᠤ᠂ ᠵᠠᠩ ᠳ᠋ᠠ ᠯᠢ᠂ ᠹᠠᠩ ᠾᠦᠢ | ᠂ ᠵᠠᠩ ᠵᠢᠩ ᠪᠥᠸᠧ᠂ ᠵᠠᠩ ᠴᠠᠩ ᠮᠢᠩ᠂ ᠦ᠋ ᠰᠢ ᠬᠠᠢ᠂ ᠪᠦᠦ ᠸᠧᠨ ᠱᠧᠩ᠂ ᠰᠠᠶ᠎ᠠ᠂ ᠵᠦ ᠯᠢ ᠬᠤᠸᠠ᠂ ᠳ᠋ᠦᠩ | ᠭᠦᠸᠧ ᠮᠢᠨ᠂ ᠯᠢ ᠪᠠᠢ ᠶᠠᠩ᠂ ᠯᠢᠦ ᠰᠡᠷᠭᠦᠯᠡᠩ᠂ ᠡᡁᠧ ᠯᠢ ᠭᠦᠸᠧ᠂ ᠨᠤᠭᠤᠨᠳᠠᠭᠤᠯᠠ᠂ ᠦ᠋ ᠭᠠᠩ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠬᠤᠰᠢᠭᠤᠨ ᠤ ᠤᠳᠤᠷᠢᠳᠤᠯᠭ᠎ᠠ ᠪᠠᠰᠠ ᠲᠡᠯᠭᠡᠷᠰᠠᠩ᠂ ᠰᠦᠨ | ᠯᠢᠶᠠᠨ ᠲᠤᠤ᠂ ᠯᠢᠦ ᠶᠢᠨ ᠱᠧᠩ᠂ ᠶᠠᠩ ᠧᠨ ᠵᠧᠨ᠂ ᠪᠦ᠋ ᠰᠢᠶᠠᠩ ᠨᠢ᠂ ᠲᠦᠩ ᠭᠦᠸᠧ ᠪᠢᠶᠤᠤ᠂ ᠸᠧᠨ ᠮᠢᠩ᠂ | ᠴᠢᠨ ᠭᠦᠸᠧ ᠶᠦᠩ᠂ ᠯᠢ ᠯᠸᠢ᠂ ᠱᠢ ᠵᠢᠶ᠋ᠨ ᠴᠢᠶᠠᠩ᠂ ᠵᠠᠩ ᠰᠢᠶᠤᠤ ᠶᠠᠨ᠂ ᠯᠢᠦ ᠪᠦᠦ᠂ ᠰᠢᠶᠠᠩ ᠭᠦᠸᠧ ᠸᠧᠢ᠂ | ᠯᠢ ᠸᠧᠢ ᠮᠢᠩ᠂ ᠲᠤᠤ ᠵᠧᠩ ᠯᠢᠶᠠᠩ᠂ ᠰᠦᠨ ᠵᠢᠶᠠᠨ ᠸᠧᠨ᠂ ᠯᠢ ᡁᠢ᠂ ᠸᠠᠩ ᠹᠦ᠋ ᠷᠦᠩ᠂ ᠶᠢᠨ ᠴᠢᠤᠸᠠᠨ᠂ ᠱᠦ | ᠢᠦᠢ ᠰᠢᠨ᠂ ᠢᠦᠢ ᠰᠢᠶᠤᠤ ᠹᠧᠩ᠂ ᠸᠠᠩ ᠰᠢᠤᠢ ᠶᠢᠩ᠂ ᠱᠢ ᠭᠦᠸᠧ ᠯᠢᠶᠠᠩ ᠨᠠᠷ ᠪᠤᠢ᠃ | ᠶᠡᠭᠡ ᠬᠤᠷᠠᠯ ᠠᠴᠠ ᠶᠡᠭᠡ ᠬᠤᠷᠠᠯ ᠤᠨ ᠰᠣᠩᠭᠤᠭᠤᠯᠢ ᠶᠢᠨ ᠶᠡᠷᠦᠩᠬᠡᠶ ᠪᠢᠯᠧᠲ ᠬᠢᠨᠠᠭᠴᠢ᠂ ᠪᠢᠯᠧᠲ | ᠬᠢᠨᠠᠭᠴᠢ ᠶᠢᠨ ᠨᠡᠷᠡᠰ ᠢ ᠪᠠᠲᠤᠯᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2025 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠵᠤ᠂ ᠶᠡᠭᠡ | ᠬᠤᠷᠠᠯ ᠤᠨ ᠪᠢᠯᠧᠲ ᠬᠢᠨᠠᠭᠴᠢ ᠶᠢᠨ ᠨᠡᠷᠡᠰ᠂ ᠶᠡᠭᠡ ᠬᠤᠷᠠᠯ ᠤᠨ ᠰᠣᠩᠭᠤᠭᠤᠯᠢ ᠶᠢᠨ ᠵᠢᠩᠬᠢᠨᠢ ᠵᠢᠱᠢᠭᠳᠡᠭᠴᠢ ᠶᠢᠨ | ᠨᠡᠷᠡᠰ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ ᠤᠨ ᠨᠡᠷᠡᠰ ᠢ | ᠨᠡᠶᠢᠲᠡᠯᠡᠪᠡ᠃ | ᠶᠡᠭᠡ ᠬᠤᠷᠠᠯ ᠠᠴᠠ ᠰᠣᠩᠭᠤᠭᠤᠯᠢ ᠶᠠᠪᠤᠭᠤᠯᠵᠤ᠂ ᠪᠢᠯᠧᠲ ᠦᠭᠴᠦ ᠲᠣᠭᠲᠠᠭᠠᠪᠠ᠃ ᠯᠢᠦ ᠪᠦᠦ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠭᠳᠠᠪᠠ︔ | ᠪᠦᠦ ᠭᠠᠩ᠂ ᠯᠢ ᠴᠠᠩ ᠴᠧᠩ᠂ ᠵᠠᠩ ᠬᠤᠸᠠ ᠨᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠭᠡᠰᠢᠭᠦᠨ ᠢᠶᠠᠷ ᠰᠣᠩᠭᠤᠭᠳᠠᠪᠠ︔ ᠴᠢᠦ ᠵᠢᠶᠦ᠋ᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠠᠷ ᠰᠣᠩᠭᠤᠭᠳᠠᠪᠠ︔ ᠯᠢ ᡁᠢ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠷ ᠰᠣᠩᠭᠤᠭᠳᠠᠪᠠ︔ ᠱᠢ | ᠭᠦᠸᠧ ᠯᠢᠶᠠᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ | ᠳᠠᠷᠤᠭ᠎ᠠ ᠪᠠᠷ ᠰᠣᠩᠭᠤᠭᠳᠠᠪᠠ᠃ ᠰᠢᠨ᠎ᠡ ᠪᠠᠷ ᠰᠣᠩᠭᠤᠭᠳᠠᠭᠰᠠᠨ ᠬᠥᠮᠦᠰ ᠦᠨᠳᠦᠰᠦᠨ ᠬᠠᠤᠯᠢ ᠳᠤ ᠲᠠᠩᠭᠠᠷᠢᠭᠯᠠᠪᠠ᠃ | | | | | ᠶᠡᠭᠡ ᠬᠤᠷᠠᠯ ᠠᠴᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2025 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠦᠭᠴᠦ ᠲᠣᠭᠲᠠᠭᠠᠵᠤ᠂ ︽ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ︾᠂ ︽ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠢᠳᠪᠦᠷᠢ︾᠂ ︽ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ | 2025 ᠣᠨ ᠤ ᠡᠳ᠋ ᠤᠨ ᠵᠠᠰᠠᠭ ᠤᠨ ᠲᠥᠰᠦᠪ ᠤᠨ ᠲᠤᠬᠠᠶ ᠰᠢᠢᠳᠪᠦᠷᠢ︾᠂ ︽ᠲᠥᠯᠥᠭᠡᠯᠡᠭᠴᠢᠳ ᠤᠨ | ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ︾᠂ ︽ᠬᠤᠰᠢᠭᠤᠨ ᠤ | ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ︾᠂ ︽ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ︾ ᠶᠢ ᠪᠠᠲᠤᠯᠠᠪᠠ᠃ | | ᠡᠯ᠎ᠡ ᠵᠥᠪᠯᠡᠬᠦ ᠵᠦᠢᠯ ᠢᠶᠠᠨ ᠳᠠᠭᠤᠰᠬᠠᠭᠰᠠᠨ ᠤ ᠳᠠᠷᠠᠭ᠎ᠠ ᠭᠦᠸᠧ ᠲᠢᠶᠠᠨ ᠪᠦᠦ ᠶᠠᠷᠢᠶ᠎ᠠ ᠲᠠᠯᠪᠢᠪᠠ᠃ ᠲᠡᠷᠡ | ᠵᠢᠭᠠᠵᠤ ᠭᠠᠷᠭᠠᠭᠰᠠᠨ ᠨᠢ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠮᠠᠰᠢ ᠠᠮᠵᠢᠯᠲᠠ ᠲᠠᠢ ᠬᠤᠷᠠᠯᠳᠤᠵᠤ᠂ ᠨᠢᠭᠡᠨ | ᠤᠳᠠᠭᠠᠨ ᠤ ᠲᠤᠭ ᠢ ᠥᠨᠳᠥᠷ ᠮᠠᠨᠳᠤᠭᠤᠯᠵᠤ᠂ ᠭᠤᠤᠯ ᠰᠢᠵᠢᠮ ᠢ ᠲᠤᠤᠱᠯᠠᠭᠤᠯᠤᠭᠰᠠᠨ ᠶᠡᠭᠡ ᠬᠤᠷᠠᠯ ᠮᠥᠨ᠂ | ᠨᠢᠭᠡ ᠤᠳᠠᠭᠠᠨ ᠤ ᠪᠦᠯᠬᠦᠮᠳᠡᠯ ᠠᠷᠠᠳᠴᠢᠯᠠᠯ ᠲᠠᠢ᠂ ᠬᠥᠭᠵᠢᠯᠲᠡ ᠶᠢ ᠬᠠᠮᠲᠤ ᠪᠠᠷ ᠡᠷᠢᠯᠬᠢᠯᠡᠭᠰᠡᠨ ᠶᠡᠭᠡ ᠬᠤᠷᠠᠯ | ᠮᠥᠨ᠂ ᠨᠢᠭᠡᠨ ᠤᠳᠠᠭᠠᠨ ᠤ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ᠂ ᠰᠤᠷᠲᠠᠯ ᠴᠢᠬᠡᠴᠢ ᠣᠪᠣᠷ ᠲᠥᠪ | ᠶᠡᠭᠡ ᠬᠤᠷᠠᠯ ᠮᠥᠨ᠃ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ | ᠵᠢᠯ ᠮᠥᠨ᠂ ᠪᠠᠰᠠ ᠴᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠢᠭᠡ ᠯᠡ ᠠᠮᠢᠰᠬᠤᠭ᠎ᠠ ᠪᠠᠷ | ᠴᠢᠷᠮᠠᠶᠢᠵᠤ᠂ ᠳᠠᠪᠠᠯᠲᠠ ᠲᠠᠢ ᠪᠠᠷ ᠬᠥᠭᠡᠭᠡᠴᠡᠯᠳᠦᠬᠦ ᠵᠠᠩᠭᠢᠯᠠᠭ᠎ᠠ ᠶᠢᠨ ᠵᠢᠯ ᠮᠥᠨ᠂ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ ᠠᠴᠢ ᠬᠤᠯᠪᠣᠭᠳᠠᠯ ᠲᠠᠢ ᠶᠤᠮ᠃ ᠪᠦᠬᠦ ᠬᠤᠰᠢᠭᠤ ᠪᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠰᠢᠭᠤᠨ ᠤ | ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠪᠦᠭᠦᠳᠡ ᠬᠤᠷᠠᠯ ᠵᠢᠴᠢ | ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠴᠢᠭᠯᠡᠯ ᠢᠶᠠᠨ ᠪᠠᠲᠤᠳᠬᠠᠨ᠂ ᠲᠣᠭᠲᠠᠯ ᠬᠦᠴᠦᠨ ᠢᠶᠠᠨ ᠪᠠᠲᠤᠯᠠᠵᠤ᠂ ᠣᠷᠳᠣ | ᠬᠤᠭᠤᠴᠠᠭ᠎ᠠ ᠪᠠᠷ ᠴᠢᠷᠮᠠᠶᠢᠨ᠂ ᠴᠢᠳᠠᠮᠠᠭᠠᠢ ᠬᠢᠵᠦ ᠭᠠᠷᠮᠠᠭᠠᠢ ᠪᠦᠲᠦᠭᠡᠬᠦ ᠬᠠᠳᠠᠨ ᠵᠣᠷᠢᠭ ᠢᠶᠠᠷ ᠠᠵᠢᠯ ᠳᠠᠷᠠᠭᠠᠯᠠᠨ | ᠠᠬᠢᠭᠤᠯᠵᠤ᠂ ᠲᠥᠷᠥᠯ ᠵᠦᠢᠯ ᠳᠠᠷᠠᠭᠠᠯᠠᠨ ᠠᠩᠬᠠᠷᠴᠤ᠂ ᠬᠦᠴᠢᠷ ᠠᠰᠠᠭᠤᠳᠠᠯ ᠳᠠᠷᠠᠭᠠᠯᠠᠨ ᠰᠢᠪᠳᠤᠯᠤᠯᠳᠠ ᠬᠢᠵᠦ᠂ | ᠦᠨᠡᠨᠬᠦ ᠠᠳᠬᠤᠨ ᠪᠣᠳᠠᠲᠠᠢ ᠠᠵᠢᠯᠯᠠᠬᠤ ᠴᠢᠳᠠᠮᠠᠭᠠᠢ ᠴᠢᠨᠠᠷ ᠢᠶᠠᠨ ᠴᠢᠩᠭᠠᠳᠬᠠᠨ᠂ ᠡᠯ᠎ᠡ ᠲᠠᠯ᠎ᠠ ᠶᠢᠨ ᠬᠠᠮᠵᠢᠯᠴᠠᠬᠤ | ᠴᠢᠨᠠᠷ ᠢ ᠳᠡᠭᠡᠭᠰᠢᠯᠡᠭᠦᠯᠵᠦ᠂ ᠵᠢᠷᠤᠭ ᠲᠥᠰᠦᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠪᠠ ᠭᠡᠵᠡᠢ | ᠃ | ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠤᠯᠤᠰ ᠲᠦᠷᠦ ᠶᠢᠨ | ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠵᠤ᠂ ᠤᠯᠤᠰ | ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠶᠢᠨ ᠴᠢᠬᠤᠯᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠬᠥᠭᠵᠢᠯᠲᠡ ᠶᠢᠨ ᠡᠷᠴᠢ ᠵᠣᠷᠢᠭ ᠢᠶᠠᠨ | ᠬᠥᠪᠴᠢᠯᠡᠵᠦ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠪᠣᠯᠤᠨ ᠬᠥᠭᠵᠢᠯᠲᠡ ᠶᠢᠨ ᠠᠵᠠ ᠲᠣᠬᠢᠶᠠᠯ ᠢ | ᠰᠠᠶᠢᠲᠤᠷ ᠠᠰᠢᠭᠯᠠᠵᠤ᠂ ᠲᠤᠮᠤ ᠲᠦᠷᠦᠯ ᠵᠦᠢᠯ ᠢᠶᠠᠷ ᠲᠤᠮᠤ ᠠᠵᠤ ᠦᠢᠯᠡᠰ ᠢ ᠲᠤᠯᠭᠠᠭᠤᠷᠢᠯᠠᠵᠤ᠂ ᠲᠤᠮᠤ ᠠᠵᠤ | ᠦᠢᠯᠡᠰ ᠢᠶᠠᠷ ᠶᠡᠭᠡ ᠬᠥᠭᠵᠢᠯᠲᠡ ᠶᠢ ᠠᠬᠢᠭᠤᠯᠵᠤ᠂ ᠨᠡᠩ ᠶᠡᠭᠡ ᠪᠣᠳᠠᠲᠤ ᠠᠮᠵᠢᠯᠲᠠ ᠶᠢ ᠡᠭᠦᠳᠬᠦ ᠪᠠᠷ ᠴᠢᠷᠮᠠᠶᠢᠬᠤ | ᠬᠡᠷᠡᠭᠲᠡᠢ᠃ ᠵᠣᠷᠢᠯᠲᠠ ᠪᠠᠨ ᠪᠠᠲᠤ ᠴᠡᠭᠡᠵᠢᠯᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ | ᠤᠯᠠᠮᠵᠢᠯᠠᠯ ᠢ ᠪᠠᠳᠠᠷᠠᠭᠤᠯᠵᠤ᠂ ᠠᠷᠠᠳ ᠲᠦᠮᠡᠨ ᠤ ᠪᠠᠴᠢᠮ ᠬᠦᠴᠢᠷ ᠵᠣᠪᠠᠭᠤᠷᠢ᠂ ᠠᠮᠤᠷ ᠲᠠᠶᠢᠪᠤᠩ ᠠᠵᠤ | ᠠᠮᠢᠳᠤᠷᠠᠯ᠂ ᠠᠮᠤᠷ ᠲᠦᠪᠰᠢᠨ ᠠᠶᠤᠯ ᠲᠦᠭᠰᠢᠭᠦᠷᠢ᠂ ᠬᠦᠴᠢᠷ ᠵᠣᠪᠠᠭᠤᠷᠢ ᠶᠢ ᠢᠮᠠᠭᠲᠠ ᠰᠡᠳᠬᠢᠯ ᠳᠡᠭᠡᠨ ᠪᠤᠳᠤᠵᠤ | ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ︽ᠭᠠᠪᠢᠶ᠎ᠠ | ᠵᠢᠳᠬᠦᠯ ᠪᠠᠶᠢᠭᠤᠯᠬᠤ ᠳᠤ ᠪᠢ ᠪᠠᠶᠢᠬᠤ︾ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠠᠵᠢᠯ | ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠵᠡᠢ᠃ | ᠭᠦᠸᠧ ᠲᠢᠶᠠᠨ ᠪᠦᠦ ᠱᠠᠭᠠᠷᠳᠠᠭᠰᠠᠨ ᠨᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠪᠠ ᠠᠷᠠᠳ | ᠲᠦᠮᠡᠨ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠬᠦ ᠬᠡᠷᠡᠭᠲᠡᠢ︔ ᠡᠯ᠎ᠡ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠮ ᠪᠠ ᠠᠷᠠᠳ ᠲᠦᠮᠡᠨ ᠤ | ᠢᠲᠡᠭᠡᠯ ᠪᠠ ᠬᠦᠨᠳᠦ ᠨᠠᠶᠢᠳᠠᠯᠭ᠎ᠠ ᠶᠢ ᠬᠤᠪᠢ ᠳᠠᠬᠢᠨ ᠨᠠᠨᠳᠢᠩᠨᠠᠵᠤ᠂ ᠨᠠᠮ ᠪᠠ ᠵᠠᠰᠠᠭ ᠤᠨ ᠣᠷᠳᠣᠨ ᠤ ᠠᠷᠠᠳ | ᠲᠦᠮᠡᠨ ᠲᠠᠢ ᠬᠠᠷᠢᠯᠴᠠᠬᠤ ᠬᠥᠭᠦᠷᠭᠡ ᠪᠤᠯᠵᠤ᠂ ᠡᠯ᠎ᠡ ᠲᠠᠯ᠎ᠠ ᠶᠢᠨ ᠠᠵᠢᠯ ᠬᠢᠵᠦ ᠦᠢᠯᠡᠰ ᠴᠣᠭᠴᠠᠯᠠᠬᠤ ᠬᠦᠴᠦᠷᠬᠡᠭ | ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ︔ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠦᠨᠡᠨ ᠬᠦ ᠴᠢᠬᠤᠯᠠ ᠪᠠᠶᠢᠷᠢᠨ ᠳᠤ | ᠲᠠᠯᠪᠢᠵᠤ᠂ ᠦᠵᠡᠯ ᠰᠠᠨᠠᠭ᠎ᠠ᠂ ᠤᠯᠤᠰ ᠲᠦᠷᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ | ᠨᠠᠷᠢᠨ ᠬᠢᠨᠠᠮᠠᠭᠠᠶ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠢᠨᠠᠨ ᠪᠠᠶᠢᠴᠠᠭᠠᠬᠤ | ᠪᠠ ᠲᠥᠪ ᠭᠤᠣᠯᠴᠢ ᠪᠠᠷ ᠬᠠᠤᠯᠢ ᠪᠠᠷᠢᠬᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠬᠤᠰᠢᠭᠤᠨ ᠤ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠨᠠᠩ | ᠰᠠᠶᠢᠨ ᠨᠥᠬᠦᠴᠡᠯ ᠪᠦᠷᠢᠯᠳᠦᠭᠦᠯᠵᠦ ᠦᠭᠬᠦ ᠬᠡᠷᠡᠭᠳᠡᠢ ᠭᠡᠵᠡᠢ᠃ | ᠭᠦᠸᠧ ᠲᠢᠶᠠᠨ ᠪᠦᠦ ᠬᠠᠮᠤᠭ ᠰᠡᠭᠦᠯ ᠳᠤ ᠬᠡᠯᠡᠭᠰᠡᠨ ᠨᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠬᠥᠭᠵᠢᠯᠲᠡ ᠶᠢᠨ ᠴᠠᠭ ᠨᠢᠭᠡᠨᠲᠡ ᠬᠦᠷᠴᠦ᠂ ᠪᠠᠶᠢᠳᠠᠯ ᠨᠢᠭᠡᠨᠲᠡ ᠪᠦᠷᠢᠯᠳᠦᠵᠦ᠂ ᠬᠥᠭᠵᠢᠨ ᠮᠠᠨᠳᠤᠬᠤ ᠪᠣᠯᠤᠨ᠎ᠠ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠡᠷᠴᠢ ᠵᠣᠷᠢᠭ ᠲᠡᠭᠦᠯᠳᠡᠷ ᠢᠶᠠᠷ ᠦᠷᠭᠦᠯᠵᠢᠯᠡᠨ ᠤᠷᠤᠭᠰᠢᠯᠠᠵᠤ᠂ ᠴᠤᠴᠠᠯᠲᠠ ᠦᠭᠡᠢ | ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠡᠢ᠃ | | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ | ᠲᠡᠭᠦᠰᠪᠡ᠃ | | |