ᠰᠢ ᠶᠢᠨ ᠫᠢᠩ ᠲᠥᠪᠡᠳ ᠤᠨ ᠰᠢᠭᠠᠽᠧ ᠬᠤᠲᠠ ᠶᠢᠨ ᠳᠢᠩᠷᠢ ᠰᠢᠶᠠᠨ ᠤ 6.8 ᠳᠡᠰ ᠤᠨ ᠭᠠᠵᠠᠷ ᠬᠥᠳᠡᠯᠦᠯᠲᠡ ᠳᠤ ᠴᠢᠬᠤᠯᠠ ᠵᠢᠭᠠᠪᠤᠷᠢ ᠥᠭᠴᠦ  ᠴᠢᠬᠤᠯᠠᠴᠢᠯᠠᠭᠰᠠᠨ ᠨᠢ — ᠡᠷᠢᠵᠦ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ ᠬᠥᠮᠥᠨ ᠬᠠᠷ᠎ᠠ ᠠᠳᠡᠵᠦ ᠰᠢᠷᠬᠠᠲᠤᠬᠤ ᠶᠢ ᠬᠠᠮᠤᠭ ᠤᠨ  ᠶᠡᠭᠡ ᠬᠡᠮᠵᠢᠶ᠎ᠡ ᠪᠠᠷ ᠪᠠᠭᠠᠰᠬᠠᠵᠤ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ ᠠᠮᠤᠷ ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ  ᠦᠨᠡᠨ ᠬᠦ ᠪᠠᠲᠤᠯᠠᠬᠤ ᠬᠡᠷᠡᠭᠲᠡᠢ  ᠯᠢ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2025/1/13
                           ᠨᠡᠶᠢᠲᠡᠯᠡᠭᠰᠡᠨ ᠴᠠᠭ᠄ 2025/1/9         ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 7 ᠤ ᠴᠠᠭᠢᠯᠭᠠᠨ ᠮᠡᠳᠡᠭᠡ   ᠪᠡᠭᠡᠵᠢᠩ ᠤᠨ ᠴᠠᠭ ᠢᠶᠠᠷ 1 ᠰᠠᠷ᠎ᠠ ᠶᠢᠨ 7 ᠤ ᠡᠳᠦᠷ ᠤᠨ 9 ᠴᠠᠭ  5 ᠮᠢᠨᠦ᠋ᠲ ᠲᠤ᠂ ᠲᠥᠪᠡᠳ ᠤᠨ ᠰᠢᠭᠠᠽᠧ ᠬᠤᠲᠠ ᠶᠢᠨ ᠳᠢᠩᠷᠢ ᠰᠢᠶᠠᠨ ᠳᠤ 6.8 ᠳᠡᠰ ᠤᠨ ᠭᠠᠵᠠᠷ ᠬᠥᠳᠡᠯᠵᠦ᠂ ᠤᠯᠠᠨ ᠬᠥᠮᠥᠨ ᠠᠳᠡᠵᠦ ᠰᠢᠷᠬᠠᠲᠤᠵᠤ᠂  ᠶᠡᠭᠡ ᠬᠡᠮᠵᠢᠶᠡᠨ ᠤ ᠭᠡᠷ ᠪᠠᠶᠢᠰᠢᠩ ᠨᠤᠷᠠᠵᠤ ᠶᠡᠭᠦᠷᠡᠵᠡᠢ᠃           ᠭᠠᠵᠠᠷ ᠬᠥᠳᠡᠯᠦᠭᠰᠡᠨ ᠤ ᠳᠠᠷᠠᠭ᠎ᠠ᠂ ᠳᠣᠮᠳᠠᠳᠦ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠴᠢᠬᠤᠯᠠ ᠵᠢᠭᠠᠪᠤᠷᠢ ᠥᠭᠴᠦ᠂  ᠲᠥᠪᠡᠳ ᠤᠨ ᠰᠢᠭᠠᠽᠧ ᠬᠤᠲᠠ ᠶᠢᠨ ᠳᠢᠩᠷᠢ ᠰᠢᠶᠠᠨ ᠳᠤ 6.8 ᠳᠡᠰ ᠤᠨ ᠭᠠᠵᠠᠷ ᠬᠥᠳᠡᠯᠵᠦ᠂ ᠤᠯᠠᠨ ᠬᠥᠮᠥᠨ ᠠᠳᠡᠵᠦ ᠰᠢᠷᠬᠠᠲᠤᠪᠠ᠃ ᠡᠷᠢᠵᠦ ᠠᠪᠤᠷᠠᠬᠤ  ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ᠂ ᠰᠢᠷᠬᠠᠲᠤᠭᠰᠠᠳ ᠢ ᠪᠦᠭᠦ ᠬᠦᠴᠦᠨ ᠢᠶᠠᠷ ᠢᠶᠠᠨ ᠠᠪᠤᠷᠠᠨ ᠡᠮᠨᠡᠵᠦ᠂ ᠬᠥᠮᠥᠨ ᠬᠠᠷ᠎ᠠ ᠠᠳᠡᠵᠦ ᠰᠢᠷᠬᠠᠲᠤᠬᠤ ᠶᠢ  ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠭᠦᠰᠦᠮᠡᠯ ᠭᠠᠢ ᠭᠠᠮᠰᠢᠭ ᠢ ᠰᠡᠷᠭᠡᠶᠢᠯᠡᠵᠦ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂  ᠬᠤᠶᠢᠲᠤᠬᠢ ᠶᠠᠪᠤᠳᠠᠯ ᠢ ᠰᠠᠶᠢᠲᠤᠷ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠵᠠᠷ ᠬᠥᠳᠡᠯᠦᠯᠲᠡ ᠶᠢᠨ ᠪᠠᠶᠢᠳᠠᠯ ᠢ ᠬᠢᠨᠠᠨ ᠬᠡᠮᠵᠢᠵᠦ  ᠤᠷᠢᠳᠴᠢᠯᠠᠨ ᠰᠡᠷᠡᠮᠵᠢᠯᠡᠭᠦᠯᠭᠦ ᠠᠵᠢᠯ ᠢ ᠴᠢᠩᠭᠠᠳᠬᠠᠵᠤ᠂ ᠠᠶᠤᠯ ᠠᠴᠠ ᠠᠪᠤᠷᠠᠨ ᠲᠤᠰᠠᠯᠠᠬᠤ ᠡᠳ᠋ ᠪᠣᠳᠠᠰ ᠢ ᠴᠠᠭ ᠲᠤᠬᠠᠢ ᠳᠤᠨᠢ ᠰᠢᠯᠵᠢᠭᠦᠯᠦᠨ ᠲᠣᠬᠢᠷᠠᠭᠤᠯᠵᠤ᠂ ᠡᠪᠳᠡᠭᠳᠡᠵᠦ ᠰᠦᠢᠳᠬᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠭᠤᠯᠤᠨ ᠵᠠᠰᠠᠵᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠲᠣᠬᠢᠷᠠᠭᠤᠯᠵᠤ᠂ ᠠᠮᠤᠷ ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ  ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠭᠠᠮᠰᠢᠭ ᠤᠨ ᠪᠠᠶᠢᠳᠠᠯ ᠪᠣᠯᠣᠨ ᠬᠥᠮᠥᠨ ᠬᠠᠷ᠎ᠠ ᠠᠳᠡᠵᠦ ᠰᠢᠷᠬᠠᠲᠤᠭᠰᠠᠨ  ᠪᠠᠶᠢᠳᠠᠯ ᠢ ᠱᠠᠯᠠᠪᠳᠠᠭᠤᠯᠤᠨ ᠬᠢᠨᠠᠨ ᠬᠠᠷᠭᠤᠭᠤᠯᠵᠤ᠂ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠭᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠭᠠᠵᠠᠷ  ᠬᠥᠳᠡᠯᠦᠯᠲᠡ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠴᠢᠩᠭᠠᠳᠬᠠᠨ᠂ ᠡᠯ᠎ᠡ ᠵᠦᠢᠯ ᠤᠨ ᠡᠭᠦᠰᠦᠮᠡᠯ ᠭᠠᠢ ᠭᠠᠮᠰᠢᠭ ᠢ ᠰᠡᠷᠭᠡᠶᠢᠯᠡᠵᠦ᠂ ᠬᠥᠮᠥᠨ ᠬᠠᠷ᠎ᠠ ᠠᠳᠡᠵᠦ  ᠰᠢᠷᠬᠠᠲᠤᠬᠤ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠭᠠᠵᠠᠷ ᠬᠥᠳᠡᠯᠦᠯᠲᠡ ᠳᠤ ᠭᠠᠮᠰᠢᠭᠳᠠᠭᠰᠠᠨ ᠣᠷᠣᠨ ᠨᠢ ᠥᠨᠳᠦᠷᠯᠢᠭ ᠤᠨ ᠥᠨᠳᠥᠷ ᠬᠦᠢᠲᠡᠨ  ᠣᠷᠣᠨ ᠳᠤ ᠪᠠᠶᠢᠷᠢᠯᠠᠵᠤ᠂ ᠶᠠᠭ ᠰᠠᠶᠢᠬᠠᠨ ᠡᠪᠦᠯ ᠤᠨ ᠤᠯᠠᠷᠢᠯ ᠲᠣᠬᠢᠶᠠᠭᠰᠠᠨ ᠲᠤᠯᠠ ᠠᠷᠭ᠎ᠠ ᠪᠦᠭᠦᠨ ᠢ ᠰᠦᠪᠡᠭᠴᠢᠯᠡᠨ ᠭᠠᠮᠰᠢᠭᠳᠠᠭᠰᠠᠨ ᠣᠷᠣᠨ ᠤ ᠤᠯᠠᠨ  ᠲᠦᠮᠡᠨ ᠤ ᠦᠨᠳᠦᠰᠦᠨ ᠠᠮᠢᠳᠤᠷᠠᠯ ᠪᠠ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃           ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠳᠣᠮᠳᠠᠳᠦ ᠤᠯᠤᠰ ᠤᠨ ᠡᠪ ᠬᠠᠮᠲᠤ ᠨᠠᠮ ᠤᠨ ᠲᠥᠪ  ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ  ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ ᠲᠤᠬᠠᠢ ᠶᠢᠨ ᠲᠠᠯᠠᠪᠠᠶ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ  ᠠᠵᠢᠯ ᠢ ᠵᠢᠯᠤᠭᠤᠳᠴᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠭᠠᠵᠠᠷ ᠬᠥᠳᠡᠯᠦᠯᠲᠡ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠤᠨ ᠵᠢᠯᠤᠭᠤᠳᠬᠤ  ᠭᠠᠵᠠᠷ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠤᠯᠤᠰ ᠤᠨ ᠭᠠᠵᠠᠷ ᠬᠥᠳᠡᠯᠦᠯᠲᠡ ᠶᠢᠨ ᠭᠤᠷᠪᠠᠳᠤᠭᠠᠷ ᠳᠡᠰ ᠤᠨ  ᠪᠠᠴᠢᠮ ᠪᠠᠶᠢᠳᠠᠯ ᠢ ᠠᠷᠭᠠᠴᠠᠭᠠᠬᠤ ᠲᠦᠷᠦᠯ ᠢ ᠡᠬᠢᠯᠡᠨ ᠬᠡᠷᠡᠭᠵᠢᠭᠦᠯᠵᠦ᠂ ᠲᠥᠪᠡᠳ ᠤᠨ ᠥᠪᠡᠷᠲᠡᠭᠡᠨ ᠵᠠᠰᠠᠬᠤ ᠣᠷᠣᠨ ᠠᠴᠠ ᠬᠦᠴᠦᠨ ᠢᠶᠠᠨ ᠵᠣᠬᠢᠶᠠᠨ ᠪᠠᠶᠢᠭᠤᠯᠵᠤ  ᠠᠶᠤᠯ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ ᠪᠠᠶᠢᠨ᠎ᠠ᠃ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ  ᠡᠯ᠎ᠡ ᠵᠦᠢᠯ ᠤᠨ ᠠᠵᠢᠯ ᠶᠠᠭ ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠶᠠᠪᠤᠭᠳᠠᠵᠤ ᠪᠠᠶᠢᠨ᠎ᠠ᠃        ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ            
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号