ᠴᠢᠦ ᠵᠢᠶᠦ᠋ᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠵᠣᠯᠭᠠᠭᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/1/14
    1 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢᠦ ᠵᠢᠶᠦ᠋ᠨ ᠪᠣᠯᠤᠨ ᠬᠤᠷᠴᠢᠨ ᠦᠬᠡᠷ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠾᠧ ᠨᠠᠷ ᠵᠣᠯᠭᠠᠭᠤᠯᠤᠨ ᠶᠠᠷᠢᠯᠴᠠᠬᠤ ᠬᠤᠷᠠᠯ ᠬᠢᠪᠠ᠃ ᠬᠤᠷᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠺᠣᠮᠫᠠᠨᠢ ᠶᠢᠨ ᠠᠵᠢᠯᠯᠠᠭᠠᠨ ᠤ ᠪᠠᠶᠢᠳᠠᠯ ᠵᠢᠴᠢ ᠢᠷᠡᠭᠡᠳᠦᠶ ᠶᠢᠨ ᠲᠥᠯᠥᠪᠵᠢᠭᠦᠯᠭᠡ ᠶᠢ ᠨᠠᠷᠢᠨ ᠨᠢᠮᠪᠠᠶ ᠬᠠᠷᠢᠭᠤ ᠮᠡᠳᠡᠭᠦᠯᠵᠦ᠂ ᠬᠤᠶᠠᠷ ᠲᠠᠯ᠎ᠠ ᠪᠠᠷ ᠢᠶᠠᠨ ᠠᠯᠠᠰᠢᠨ ᠦᠬᠡᠷ ᠪᠣᠷᠳᠣᠬᠤ᠂ ᠦᠢᠯᠡᠳᠪᠦᠷᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠨᠠᠷᠢᠯᠢᠭ ᠭᠦᠨᠵᠡᠭᠡᠶ ᠡᠳ᠋ᠰᠢᠭᠦᠯᠬᠦ ᠵᠡᠷᠭᠡ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠶᠢᠨ ᠴᠢᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃
邱军与企业负责人对接座谈.jpg
     ᠴᠢᠦ ᠵᠢᠶᠦ᠋ᠨ ᠬᠡᠯᠡᠭᠰᠡᠨ ᠨᠢ᠂ ᠬᠤᠷᠴᠢᠨ ᠦᠬᠡᠷ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠷᠮᠠᠭᠠᠶ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠠᠬᠢᠴᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠠᠵᠤ ᠠᠬᠤᠶᠢᠯᠠᠯ ᠤᠨ ᠬᠢᠨ ᠲᠣᠰ ᠤᠳᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢᠨ ᠲᠦᠭᠵᠢᠷᠡᠯ ᠢ ᠨᠡᠪᠲᠡᠷᠡᠭᠦᠯᠵᠦ᠂ ᠳᠤᠮᠳᠠ ᠳᠣᠤᠷᠠᠳᠤ ᠤᠷᠤᠰᠬᠠᠯ ᠤᠨ ᠤᠷᠲᠤᠳᠬᠠᠯ ᠢ ᠠᠬᠢᠭᠤᠯᠵᠤ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠨᠠᠷᠢᠯᠢᠭ ᠡᠳ᠋ᠰᠢᠭᠦᠯᠬᠦ᠂ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢ ᠬᠦᠰᠡᠵᠦ ᠪᠠᠶᠢᠨ᠎ᠠ᠃ ᠮᠠᠨ ᠤ ᠬᠤᠰᠢᠭᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠠᠬᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号