2024 ᠣᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠠᠴᠠ | ᠬᠤᠰᠢᠭᠤᠨ ᠲᠠᠰ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 7 ᠲᠥᠷᠥᠯ ᠵᠦᠢᠯ ᠢ ᠪᠢᠯᠧᠲ ᠥᠭᠴᠦ | ᠲᠣᠭᠲᠠᠭᠠᠪᠠ᠃ | 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠨᠢᠭᠡᠨᠲᠡ ᠪᠦᠬᠦᠨ ᠢ ᠪᠥᠲᠥᠭᠡᠨ ᠪᠠᠶᠢᠭᠤᠯᠵᠤ | ᠳᠠᠭᠤᠰᠬᠠᠪᠠ᠃ | ᠨᠢᠭᠡ ᠳᠤ᠂ ᠠᠵᠤ ᠤᠶᠢᠯᠡᠤᠡᠪᠤᠷᠢ ᠶᠢᠨ ᠨᠢᠭᠡᠳᠦᠭᠡᠷ ᠶᠡᠭᠡ ᠵᠡᠭᠡᠯᠢ ᠶᠢᠨ ᠵᠡᠭᠦᠨ ᠬᠡᠰᠡᠭ ᠤᠨ ᠵᠠᠮ ᠤᠨ ᠨᠢᠭᠤᠷ ᠢ | ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠯᠪᠠᠨ ᠠᠴᠠ ᠡᠷᠭᠢᠯᠡᠭᠰᠡᠨ ᠨᠠᠰᠤᠲᠠᠨ ᠢ | ᠠᠰᠠᠷᠠᠬᠤ ᠬᠦᠷᠢᠶᠡᠯᠡᠩ ᠢᠶᠠᠷ ᠣᠷᠣᠵᠤ ᠭᠠᠷᠬᠤ ᠳᠤ ᠲᠦᠭᠦᠮ ᠨᠦᠬᠦᠴᠡᠯ ᠬᠠᠩᠭᠠᠪᠠ︔ | ᠬᠤᠶᠠᠷ ᠲᠤ᠂ ᠶᠠᠩ ᠭᠤᠸᠠᠩ ᠨᠡᠶᠢᠭᠡᠮ ᠲᠣᠭᠤᠷᠢᠭ ᠲᠤ ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡᠨ ᠤ | ᠲᠦᠪ ᠪᠠ ᠲᠦᠬᠦᠮ ᠦᠵᠡᠬᠦᠯᠬᠦ ᠦᠢᠯᠡᠴᠢᠯᠡᠭᠡᠨ ᠤ ᠲᠢᠩᠬᠢᠮ ᠢ ᠪᠠᠶᠢᠭᠤᠯᠵᠥ᠂ ᠲᠤᠰ ᠨᠡᠶᠢᠭᠡᠮ ᠲᠤᠭᠤᠷᠢᠭ ᠤᠨ | ᠠᠷᠠᠳ ᠲᠤ ᠲᠦᠭᠦᠮ ᠦᠵᠡᠬᠦᠯᠬᠦ ᠦᠢᠯᠡᠴᠢᠯᠡᠬᠡᠨ ᠤ ᠴᠢᠳᠠᠮᠵᠢ ᠶᠢ ᠢᠯᠡᠳᠲᠡ ᠴᠢᠩᠭᠠᠷᠠᠭᠤᠯᠪᠠ︔ | ᠭᠤᠷᠪᠠ ᠳᠤ᠂ ᠭᠠᠨᠵᠤᠭ᠎ᠠ ᠪᠠᠯᠭᠠᠰᠤᠨ ᠤ ᠭᠤᠤᠯ ᠬᠤᠲᠠ ᠲᠣᠭᠤᠷᠢᠭ ᠤᠨ ᠬᠠᠭᠤᠷᠠᠶ ᠵᠣᠷᠯᠣᠩ ᠢ ᠥᠭᠡᠷᠡᠴᠢᠯᠡᠵᠦ᠂ | 8 ᠰᠠᠭᠤᠷᠢ ᠤᠬᠢᠶᠠᠬᠤ ᠮᠠᠶ᠋ᠢᠭ ᠤᠨ ᠨᠡᠶᠢᠳᠡ ᠶᠢᠨ ᠵᠤᠷᠯᠤᠩ ᠪᠠᠶᠢᠭᠤᠯᠵᠥ᠂ ᠰᠠᠭᠤᠭᠠᠯᠢ ᠠᠷᠠᠳ ᠤᠨ ᠠᠮᠢᠳᠤᠷᠠᠯ ᠤᠨ | ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠪᠠ︔ | ᠳᠥᠷᠪᠡ ᠳᠤ᠂ ᠤᠶᠤᠨᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ | ᠭᠠᠨᠵᠤᠭ᠎ᠠ ᠭᠤᠤᠯ ᠬᠤᠲᠠ ᠲᠣᠭᠤᠷᠢᠭ ᠤᠨ 161 ᠵᠢᠵᠢᠭ ᠲᠣᠭᠤᠷᠢᠭ ᠤᠨ ᠠᠮᠤᠷ ᠲᠦᠪᠰᠢᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠤ ᠲᠥᠷᠥᠭᠳᠡᠯ᠂ ᠵᠤᠯ ᠵᠢᠷᠭᠠᠯᠳᠦ ᠲᠦᠷᠦᠭᠳᠡᠯ ᠢ ᠪᠦᠬᠦ | ᠲᠠᠯ᠎ᠠ ᠪᠠᠷ ᠳᠡᠭᠡᠭᠰᠢᠯᠡᠭᠦᠯᠪᠡ᠃ | ᠲᠠᠪᠤ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ 15.14 ᠲᠦᠮᠡᠨ ᠮᠥ | ᠬᠡᠷᠡᠭᠵᠢᠭᠦᠯᠵᠦ᠂ ᠳᠤᠮᠳᠠᠴᠢ ᠮᠥ ᠪᠦᠷᠢ ᠶᠢᠨ ᠤᠨᠠᠯᠲᠠ 300 ᠵᠢᠩ ᠨᠡᠮᠡᠭᠳᠡᠵᠦ᠂ 9 ᠰᠤᠮᠤ ᠪᠠᠯᠭᠠᠰᠤ ᠲᠠᠯᠠᠪᠠᠢ | ᠶᠢᠨ31 ᠭᠠᠴᠠᠭ᠎ᠠ ᠲᠤᠰᠬᠤᠨ ᠬᠤᠪᠢᠶᠠᠷᠢ ᠲᠠᠯᠠᠪᠠᠢ ᠶᠢᠨ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ | ᠠᠬᠢᠭᠤᠯᠪᠠ︔ | ᠵᠢᠷᠭᠤᠭ᠎ᠠ ᠳᠤ᠂ ᠭᠠᠨᠵᠤᠭ᠎ᠠ ᠪᠠᠯᠭᠠᠰᠤ ᠵᠡᠷᠭᠡ ᠬᠡᠰᠡᠭ ᠰᠤᠮᠤ ᠪᠠᠯᠭᠠᠰᠤᠨ ᠳᠤ 12 ᠴᠢᠮᠡᠭᠡ ᠬᠤᠯᠪᠣᠭᠠᠨ ᠤ | ᠰᠤᠪᠤᠷᠭ᠎ᠠ ᠶᠢ ᠰᠢᠨ᠎ᠡ ᠪᠠᠷ ᠪᠠᠶᠢᠭᠤᠯᠵᠤ᠂ ᠭᠠᠨᠵᠤᠭ᠎ᠠ ᠭᠤᠤᠯ ᠬᠤᠲᠠ ᠲᠣᠭᠤᠷᠢᠭ᠂ ᠤᠯᠤᠰ ᠮᠤᠵᠢ ᠶᠢᠨ ᠭᠤᠤᠯ ᠵᠠᠮ᠂ | ᠦᠵᠡᠮᠵᠢ ᠶᠢᠨ ᠣᠷᠣᠨ ᠦᠵᠡᠮᠵᠢ ᠶᠢᠨ ᠴᠡᠭ ᠵᠡᠷᠭᠡ ᠣᠷᠣᠨ ᠪᠦᠰᠡ ᠶᠢᠨ ᠴᠢᠮᠡᠭᠡ ᠬᠤᠯᠪᠣᠭᠠᠨ ᠤ ᠬᠢᠷᠢ | ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ | ᠲᠤᠯᠤᠭ᠎ᠠ ᠳᠤ᠂ ᠠᠵᠢᠯ ᠣᠯᠭᠤᠬᠤ ᠮᠡᠷᠭᠡᠵᠢᠯ ᠤᠨ ᠪᠣᠯᠪᠠᠰᠤᠷᠠᠯ ᠢ 50 ᠠᠩᠭᠢ ᠬᠤᠭᠤᠴᠠᠭ᠎ᠠ ᠡᠷᠬᠢᠯᠡᠵᠥ | 1404 ᠬᠥᠮᠦᠨ ᠳᠤ ᠪᠤᠯᠪᠠᠰᠤᠷᠠᠯ ᠬᠦᠷᠳᠡᠭᠡᠨ᠂ ᠪᠥᠬᠦ ᠬᠤᠰᠢᠭᠤᠨ ᠤ ᠬᠥᠳᠡᠯᠮᠦᠷᠢ ᠬᠦᠴᠦ ᠶᠢ ᠰᠢᠯᠵᠢᠭᠦᠯᠦᠨ | ᠠᠵᠢᠯ ᠣᠯᠭᠤᠬᠤ ᠳᠤ ᠮᠡᠷᠭᠡᠵᠢᠯ ᠤᠨ ᠳᠡᠮᠵᠢᠯᠭᠡ ᠬᠠᠩᠭᠠᠪᠠ᠃ |