ᠭᠠᠯ ᠰᠡᠷᠭᠡᠶᠢᠯᠡᠬᠦ ᠠᠮᠤᠷ ᠲᠦᠪᠰᠢᠨ | ᠭᠠᠯ ᠤᠨᠲᠠᠷᠠᠭᠠᠬᠤ ᠵᠠᠮ ᠲᠦᠭᠵᠢᠷᠡᠬᠦ ᠦᠭᠡᠢ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠤᠨ | ᠭᠤᠳᠤᠮᠵᠢ ᠳᠤ ᠴᠠᠬᠢᠯᠭᠠᠨ ᠴᠡᠨᠡᠭᠯᠡᠬᠦ ᠦᠭᠡᠢ᠂ ︽ᠤᠲᠠᠰᠤ ᠲᠠᠳᠠᠵᠤ︾ ᠴᠡᠨᠡᠭᠯᠡᠬᠦ ᠦᠭᠡᠢ ᠪᠠᠶᠢᠬᠤ ᠬᠡᠷᠡᠭᠲᠡᠢ︔ ᠭᠠᠯ | ᠤᠨᠲᠠᠷᠠᠭᠠᠬᠤ ᠪᠠᠭᠠᠵᠢ ᠬᠡᠷᠡᠭᠰᠡᠯ ᠢ ᠪᠠᠶᠢᠩᠭᠤ ᠪᠡᠯᠡᠳᠴᠦ᠂ ᠥᠪᠡᠷ ᠢ ᠪᠠᠨ ᠠᠪᠤᠷᠠᠵᠤ ᠠᠮᠢ ᠵᠢᠭᠤᠲᠠᠬᠤ ᠶᠢ ᠰᠤᠷᠬᠤ | ᠬᠡᠷᠡᠭᠲᠡᠶ︔ ᠭᠠᠯ ᠤᠨ ᠠᠶᠤᠯ ᠭᠠᠷᠤᠮᠠᠭᠴᠠ ᠲᠠᠷᠤᠢ ᠳᠤᠨᠢ 119 ᠳᠤ ᠤᠲᠠᠰᠤᠳᠠᠬᠤ ᠬᠡᠷᠡᠭᠲᠡᠶ᠃ | ᠬᠡᠢ ᠴᠠᠬᠢᠯᠭᠠᠨ ᠭᠠᠯ ᠬᠡᠷᠡᠭᠯᠡᠬᠦ ᠠᠮᠤᠷ ᠲᠦᠪᠰᠢᠨ | ᠰᠢᠲᠠᠮᠠᠬᠠᠶ ᠬᠡᠶ ᠶᠢ ᠬᠡᠷᠡᠭᠯᠡᠬᠦ ᠳᠤ ᠰᠠᠯᠬᠢ ᠨᠡᠪᠳᠡᠷᠡᠬᠦᠯᠵᠦ᠂ ᠬᠥᠮᠦᠨ ᠨᠢ ᠶᠠᠪᠤᠪᠠᠯ ᠭᠠᠯ ᠢᠶᠠᠨ ᠤᠨᠳᠠᠷᠠᠭᠠᠵᠤ ᠬᠡᠢ | ᠭᠤᠭᠤᠵᠢᠬᠤ ᠶᠢ ᠰᠡᠷᠭᠡᠶᠢᠯᠡᠬᠦ ᠬᠡᠷᠡᠭᠲᠡᠶ︔ ᠴᠠᠬᠢᠯᠭᠠᠨ ᠬᠡᠷᠡᠭᠰᠡᠯ ᠢ ᠬᠡᠷᠡᠭᠯᠡᠬᠦ ᠳᠤ ᠪᠣᠯᠭᠤᠮᠵᠢᠲᠠᠶ ᠪᠠᠶᠢᠬᠤ ᠬᠡᠷᠡᠭᠲᠡᠶ︔ | ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠵᠠᠯᠭᠠᠵᠤ ᠪᠣᠯᠬᠤ ᠦᠭᠡᠢ︔ ᠭᠠᠯ ᠬᠦᠯᠴᠦᠭᠡᠵᠦ ᠳᠤᠯᠠᠭᠠᠯᠠᠬᠤ ᠳᠤ ᠰᠠᠯᠬᠢ | ᠨᠡᠪᠲᠡᠷᠡᠭᠦᠯᠵᠦ᠂ ᠬᠤᠣᠷᠳᠠᠭᠳᠠᠬᠤ ᠪᠠ ᠠᠮᠢᠰᠬᠤᠯ ᠪᠥᠭᠯᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ᠬᠤᠸᠠᠷ ᠫᠤᠤᠵᠢᠩ ᠤᠨ ᠠᠮᠤᠷ ᠲᠦᠪᠰᠢᠨ | ᠬᠤᠸᠠᠷ ᠫᠤᠤᠵᠢᠩ ᠢ ᠳᠡᠯᠭᠡᠭᠦᠷ ᠬᠤᠳᠠᠯᠳᠤᠨ ᠠᠪᠬᠤ ᠳᠤ ︽ᠴᠠᠭᠠᠵᠠᠯᠠᠬᠤ ᠬᠢᠵᠠᠭᠠᠷᠯᠠᠬᠤ ᠲᠠᠯᠪᠢᠬᠤ︾ ᠶᠢ | ᠴᠢᠩᠭ᠎ᠠ ᠵᠢᠷᠤᠮᠯᠠᠬᠤ ᠬᠡᠷᠡᠭᠳᠡᠢ︔ ᠬᠤᠯᠤᠭᠠᠨ᠎ᠠ ᠶᠢᠨ ᠫᠤᠤᠵᠢᠩ ᠲᠠᠯᠪᠢᠬᠤ ᠳᠤ ᠲᠤᠳᠤᠷᠬᠠᠶᠢᠯᠠᠯᠳᠠ ᠶᠢ ᠬᠢᠨᠠᠮᠠᠭᠠᠢ | ᠦᠵᠡᠵᠦ᠂ ᠶᠡᠭᠡ ᠬᠥᠮᠦᠨ ᠤ ᠬᠢᠨᠡᠯᠳᠡ ᠲᠤᠤᠷ᠎ᠠ ᠲᠠᠯᠪᠢᠵᠤ ᠡᠩᠬᠡ ᠲᠠᠶᠢᠪᠤᠩ ᠢ ᠪᠠᠳᠤᠯᠠᠬᠤ ᠬᠡᠷᠡᠭᠳᠡᠢ︔ ᠬᠤᠸᠠᠷ | ᠫᠤᠤᠵᠢᠩ ᠲᠠᠯᠪᠢᠬᠤ ᠳᠤ ᠲᠤᠬᠢᠳᠠᠢ ᠭᠠᠵᠠᠷ ᠢ ᠰᠤᠩᠭᠤᠵᠤ᠂ ᠬᠥᠮᠦᠰ ᠲᠥᠪᠯᠡᠷᠡᠩᠭᠦᠶ᠂ ᠨᠣᠴᠣᠮᠠᠲᠠᠭᠠᠶ ᠳᠡᠯᠪᠡᠷᠡᠮᠡᠲᠡᠭᠡᠶ | ᠪᠤᠳᠠᠰ ᠤᠨ ᠬᠥᠮᠥᠷᠭᠡ᠂ ᠲᠣᠰᠣ ᠨᠡᠮᠡᠬᠦ ᠥᠷᠲᠡᠭᠡ᠂ ᠵᠠᠳᠠᠭᠠᠶ ᠪᠠᠷᠠᠭᠠᠨ ᠤ ᠲᠠᠯᠠᠪᠤᠷ᠂ ᠡᠪᠡᠰᠦᠨ ᠤᠪᠤᠭ᠎ᠠ ᠵᠡᠷᠭᠡ | ᠠᠴᠠ ᠤᠶᠢᠷᠠᠯᠴᠠᠭ᠎ᠠ ᠭᠠᠵᠠᠷ ᠲᠤ ᠲᠠᠯᠪᠢᠵᠤ ᠪᠣᠯᠬᠤ ᠦᠭᠡᠢ᠃ | ᠣᠢ ᠰᠢᠭᠤᠢ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ | ᠭᠠᠯ ᠤᠨ ᠰᠤᠷ ᠢ ᠠᠪᠴᠤ ᠠᠭᠤᠯᠠᠨ ᠳᠤ ᠭᠠᠷᠴᠤ ᠪᠤᠯᠬᠤ ᠦᠭᠡᠢ᠂ ᠤᠶᠢᠳᠤ ᠤᠷᠤᠨ ᠳᠤ ᠲᠠᠮᠠᠬᠢ ᠲᠠᠲᠠᠬᠤ | ᠦᠭᠡᠢ᠂ ᠬᠡᠭᠡᠷ᠎ᠡ ᠭᠠᠳᠠᠨ᠎ᠠ ᠭᠠᠯ ᠨᠤᠴᠤᠭᠠᠬᠤ ᠦᠭᠡᠢ᠂ ᠬᠡᠭᠡᠷ᠎ᠡ ᠬᠤᠭᠤᠯᠠ ᠬᠢᠵᠦ ᠪᠣᠯᠬᠤ ᠦᠭᠡᠢ︔ | ᠪᠣᠯᠪᠠᠰᠤᠨ ᠢᠶᠠᠷ ᠲᠠᠬᠢᠯᠭ᠎ᠠ ᠬᠢᠬᠦ ᠶᠢ ᠠᠩᠬᠠᠷᠬᠤ ᠬᠡᠷᠡᠭᠲᠡᠢ᠃ ᠣᠢ ᠰᠢᠭᠤᠢ ᠶᠢᠨ ᠭᠠᠯ ᠤᠨ ᠪᠠᠶᠢᠳᠠᠯ ᠢᠯᠡᠷᠡᠪᠡᠯ | ᠲᠦᠭᠰᠢᠬᠦᠷᠢ ᠮᠡᠳᠡᠭᠦᠯᠬᠦ ᠤᠲᠠᠰᠤ 12119 ᠶᠢ ᠤᠳᠠᠰᠤᠳᠠᠭᠠᠷᠠᠢ᠃ | ᠵᠠᠮ ᠬᠠᠷᠢᠯᠴᠠᠭᠠᠨ ᠤ ᠠᠮᠤᠷ ᠲᠦᠪᠰᠢᠨ | ᠵᠠᠮ ᠮᠢᠩᠭ᠎ᠠ ᠲᠦᠮᠡᠨ ᠵᠤᠷᠪᠤᠰ ᠪᠠᠶᠢᠪᠠᠴᠤ᠂ ᠠᠮᠤᠷ ᠲᠦᠪᠰᠢᠨ ᠪᠤᠯ ᠲᠡᠷᠢᠬᠦᠨ ᠵᠤᠷᠪᠤᠰ ᠪᠤᠯᠤᠨ᠎ᠠ᠂ ᠡᠪᠦᠯ ᠤᠨ | ᠤᠯᠠᠷᠢᠯ ᠳᠤ ᠠᠭᠠᠷ ᠤᠨ ᠳᠤᠯᠠᠭᠠᠨ ᠳᠣᠤᠷ᠎ᠠ᠂ ᠵᠠᠮ ᠳᠡᠭᠡᠷ᠎ᠡ ᠠᠮᠠᠷᠬᠠᠨ ᠮᠥᠰᠥ ᠬᠥᠯᠳᠡᠵᠦ᠂ ᠮᠠᠰᠢᠨᠲᠤ ᠲᠡᠷᠭᠡᠨ ᠤ | ᠲᠣᠷᠮᠣᠰᠯᠠᠬᠤ ᠵᠠᠶ ᠨᠡᠮᠡᠭᠳᠡᠵᠦ᠂ ᠭᠤᠯᠭᠤᠬᠤ᠂ ᠬᠠᠵᠠᠭᠤ ᠲᠠᠯ᠎ᠠ ᠲᠡᠰᠢ ᠪᠠᠨ ᠬᠦᠷᠪᠡᠬᠦ ᠵᠡᠷᠭᠡ ᠪᠠᠶᠢᠳᠠᠯ ᠠᠮᠠᠷᠬᠠᠨ | ᠭᠠᠷᠳᠠᠭ᠃ ᠬᠤᠷᠳᠤᠴᠠ ᠬᠡᠲᠦᠷᠡᠬᠦ ᠦᠭᠡᠢ᠂ ᠳᠠᠭᠠᠭᠠᠴᠠ ᠬᠡᠲᠦᠷᠡᠬᠦ ᠦᠭᠡᠢ᠂ ᠠᠷᠢᠬᠢ ᠤᠤᠭᠤᠭᠠᠳ ᠲᠡᠷᠭᠡ | ᠵᠢᠯᠣᠭᠤᠳᠬᠤ ᠦᠭᠡᠢ᠂ ᠵᠠᠮ ᠪᠤᠯᠢᠶᠠᠯᠳᠤᠬᠤ ᠦᠭᠡᠢ᠂ ᠪᠠᠴᠢᠮ ᠪᠠᠶᠢᠳᠠᠯ ᠢ ᠠᠷᠭᠠᠴᠠᠬᠤ ᠲᠡᠷᠭᠡᠨ ᠵᠠᠮ ᠢ ᠡᠵᠡᠯᠡᠬᠦ | ᠦᠭᠡᠢ᠂ ᠶᠠᠳᠠᠷᠠᠭ᠎ᠠ ᠲᠠᠢ ᠪᠠᠷ ᠲᠡᠷᠭᠡ ᠵᠢᠯᠣᠭᠤᠳᠬᠤ ᠦᠭᠡᠢ᠂ ᠤᠯᠠᠨ ᠲᠡᠷᠭᠡ ᠤᠪᠤᠭᠠᠷᠠᠯᠳᠤᠨ ᠶᠠᠪᠤᠬᠤ ᠦᠭᠡᠢ | ᠪᠠᠶᠢᠬᠤ ᠬᠡᠷᠡᠭᠳᠡᠢ᠃ | ᠵᠢᠭᠤᠯᠴᠢᠯᠠᠯ ᠤᠨ ᠠᠮᠤᠷ ᠲᠦᠪᠰᠢᠨ | ᠦᠵᠡᠰᠭᠦᠯᠡᠩᠲᠦ ᠰᠠᠢᠬᠠᠨ ᠠᠭᠤᠯᠠ ᠤᠰᠤᠨ ᠤ ᠦᠵᠡᠮᠵᠢ ᠶᠢ ᠰᠤᠨᠢᠷᠬᠠᠬᠤ ᠳᠠᠭᠠᠨ᠂ ᠠᠮᠤᠷ ᠲᠦᠪᠰᠢᠨ ᠢ | ᠶᠠᠭᠠᠬᠢᠭᠰᠠᠨ ᠴᠤ ᠤᠮᠳᠤᠭᠠᠶᠢᠯᠠᠵᠤ ᠪᠣᠯᠬᠤ ᠦᠭᠡᠢ᠂ ᠣᠶᠤᠨ ᠴᠢᠳᠠᠯ ᠢᠶᠠᠨ ᠲᠥᠪᠯᠡᠷᠡᠭᠦᠯᠦᠨ ᠠᠮᠤᠷ ᠲᠦᠪᠰᠢᠨ ᠢ | ᠠᠩᠬᠠᠷᠴᠤ᠂ ᠠᠶᠠᠯᠠᠯ ᠵᠢᠭᠤᠯᠴᠢᠯᠠᠯ ᠬᠢᠬᠦ ᠳᠡᠭᠡᠨ ᠴᠠᠭ ᠠᠭᠤᠷ ᠢ ᠦᠵᠡᠵᠦ᠂ ᠥᠪᠡᠷ ᠢᠶᠠᠨ ᠲᠡᠷᠭᠡ ᠵᠢᠯᠣᠭᠤᠳᠤᠨ | ᠵᠤᠭᠠᠴᠠᠬᠤ ᠳᠠᠭᠠᠨ ᠢᠯᠡᠭᠦᠬᠡᠨ ᠬᠢᠴᠢᠶᠡᠬᠦ ᠬᠡᠷᠡᠭᠲᠡᠢ᠃ ᠬᠡᠭᠡᠷ᠎ᠡ ᠭᠠᠳᠠᠨ᠎ᠠ ᠬᠤᠨᠤᠭᠯᠠᠬᠤ᠂ ᠶᠠᠪᠠᠭᠠᠨ ᠠᠶᠠᠯᠠᠬᠤ ᠵᠡᠷᠭᠡ | ᠳᠤ ᠠᠮᠤᠷ ᠲᠦᠪᠰᠢᠨ ᠢ ᠤᠨᠴᠠ ᠠᠩᠬᠠᠷᠴᠤ᠂ ᠠᠶᠤᠯ ᠲᠦᠭᠰᠢᠬᠦᠷᠢ ᠲᠠᠢ ᠨᠠᠭᠠᠳᠤᠮ ᠲᠤᠭᠯᠠᠭᠠᠮ ᠤᠨ ᠵᠦᠢᠯᠡᠰ ᠢ | ᠡᠳ᠋ᠯᠡᠬᠦ ᠳᠡᠭᠡᠨ ᠪᠣᠯᠭᠤᠮᠵᠢᠲᠠᠢ ᠪᠠᠶᠢᠬᠤ ᠬᠡᠷᠡᠭᠲᠡᠢ︔ ᠠᠶᠤᠯᠲᠠᠢ ᠦᠵᠡᠮᠵᠢ ᠶᠢᠨ ᠴᠡᠭ ᠲᠤ ᠣᠷᠣᠵᠤ ᠪᠣᠯᠬᠤ ᠦᠭᠡᠢ᠂ | ᠠᠶᠤᠯ ᠳᠤ ᠤᠴᠠᠷᠠᠪᠠᠯ ᠯᠠᠪᠳᠠᠭᠤᠨ ᠲᠤᠭᠳᠠᠭᠤᠨ ᠪᠠᠶᠢᠬᠤ ᠬᠡᠷᠡᠭᠲᠡᠢ᠃ | ᠨᠠᠮᠤᠭ ᠤᠨ ᠬᠡᠢ ᠶᠢᠨ ᠠᠶᠤᠯᠭᠦᠢ | ᠨᠠᠮᠤᠭ ᠤᠨ ᠬᠡᠢ ᠶᠢᠨ ᠴᠥᠭᠦᠷᠥᠮ ᠤᠨ ᠡᠷᠭᠢᠨ ᠲᠣᠭᠤᠷᠢᠨ ᠳᠤ ᠭᠠᠯ ᠬᠡᠷᠡᠭᠯᠡᠬᠦ ᠦᠭᠡᠢ᠂ ᠫᠤᠤᠵᠢᠩ ᠲᠠᠯᠪᠢᠬᠤ | ᠦᠭᠡᠢ︔ ᠨᠠᠮᠤᠭ ᠤᠨ ᠬᠡᠢ ᠶᠢᠨ ᠴᠥᠭᠦᠷᠥᠮ ᠢ ᠴᠡᠪᠡᠷᠯᠡᠬᠦ ᠳᠤ ᠲᠤᠰᠬᠠᠢ ᠬᠥᠮᠦᠨ ᠡᠷᠢᠵᠦ᠂ ᠤᠪᠠᠶᠢᠨ ᠳᠤ ᠦᠭᠡᠢ | ᠠᠳᠡᠯ ᠡᠬᠦᠰᠬᠦ ᠶᠢ ᠤᠨᠴᠠ ᠬᠢᠴᠢᠶᠡᠬᠦ ᠬᠡᠷᠡᠭᠳᠡᠢ︔ ᠨᠠᠮᠤᠭ ᠤᠨ ᠬᠡᠢ ᠳᠤ ᠮᠠᠯ ᠤᠨᠤᠭ᠎ᠠ ᠬᠤᠤᠷᠳᠠᠭᠳᠠᠪᠠᠯ ᠠᠪᠤᠷᠠᠬᠤ | ᠭᠡᠵᠤ ᠰᠠᠨᠳᠤᠷᠴᠤ ᠪᠤᠯᠬᠤ ᠦᠭᠡᠢ᠂ ᠬᠦᠮᠦᠨ ᠬᠤᠤᠷᠳᠠᠭᠳᠠᠪᠠᠯ ᠲᠠᠷᠤᠢ ᠳᠤᠨᠢ ᠴᠠᠭᠳᠠᠭ᠎ᠠ ᠳᠤ ᠮᠡᠳᠡᠭᠦᠯᠦᠨ᠎ᠡ︔ | ᠬᠥᠮᠦᠨ ᠢ ᠠᠪᠤᠷᠠᠬᠤ ᠳᠤ ᠶᠠᠭᠤᠨ ᠤ ᠡᠮᠦᠨ᠎ᠡ ᠯᠠᠪᠳᠠᠭᠤᠨ ᠪᠠᠶᠢᠵᠤ᠂ ᠠᠮᠤᠷ ᠲᠦᠪᠰᠢᠨ ᠢ ᠪᠠᠲᠤᠯᠠᠭᠰᠠᠨ ᠤᠷᠢᠳᠠᠯ | ᠲᠤᠤᠷ᠎ᠠ ᠰᠠᠶ᠋ᠢ ᠠᠪᠤᠷᠠᠬᠤ ᠬᠡᠷᠡᠭᠲᠡᠢ᠃ | | |