ᠦᠰᠦᠭ ᠪᠢᠴᠢᠭ ᠤᠨ ᠲᠠᠶᠢᠯᠤᠮᠵᠢ᠄ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2025/1/15
      ᠨᠢᠭᠡ᠂ 2024 ᠣᠨ ᠤ ᠠᠵᠢᠯ ᠤᠨ ᠳ᠋ᠦᠩᠨᠡᠯᠳᠡ   ᠠᠵᠥ ᠠᠬᠤᠢ ᠶᠢᠨ ᠡᠷᠬᠢᠯᠳᠡ ᠲᠤᠬᠳᠠᠭᠤᠨ ᠤ ᠲᠤᠮᠳᠠ ᠰᠠᠶᠢᠵᠢᠷᠠᠪᠠ   ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 150 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠨᠡᠮᠡᠭᠳᠡᠪᠡ ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠢ 4.52 ᠳ᠋ᠦᠩᠰᠢᠭᠤᠷ ᠲᠥᠭᠦᠷᠢᠭ  ᠪᠡᠶᠡᠯᠡᠭᠦᠯᠵᠦ᠂ ᠭᠠᠶᠢᠯᠢ  ᠶᠢᠨ ᠣᠷᠣᠯᠭ᠎ᠠ 3.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15% ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 90 %  ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ 27.3 ᠳ᠋ᠦᠩᠰᠢᠭᠤᠷ ᠲᠥᠭᠦᠷᠢᠭ  ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.5% ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 37536 ᠲᠥᠭᠦᠷᠢᠭ᠂ 20854 ᠲᠥᠭᠦᠷᠢᠭ ᠲᠤ ᠬᠦᠷᠴᠦ᠂ ᠲᠣᠰ ᠲᠣᠰ ᠠᠳᠠᠯᠢ ᠬᠤᠭᠤᠴᠠᠭᠠᠨ ᠤ ᠬᠢ ᠠᠴᠠ 4.5 %᠂ 6.5 %  ᠨᠡᠮᠡᠭᠳᠡᠪᠡ᠃     ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠰᠠᠭᠤᠷᠢ ᠪᠠᠳᠤᠵᠢᠪᠠ    ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠤᠯᠤᠰ ‍ᠤᠨ‌ᠠᠮᠤ ᠪᠤᠳᠠᠭᠠᠨ ᠤ ᠠᠮᠤᠷ ᠲᠦᠪᠰᠢᠨ  ᠤ ᠬᠠᠷᠢᠭᠤᠴᠠᠯᠭ᠎ᠠ ᠶᠢ ᠪᠠᠳᠤ‌ᠡᠬᠦᠷᠭᠡᠭᠯᠡᠪᠡ᠃ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ 60.14 ᠲᠦᠮᠡᠨ ᠮᠤ᠋᠂ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ 25.8 ᠲᠦᠮᠡᠨ ᠮᠥ ᠬᠡᠷᠡᠭᠵᠢᠭᠦᠯᠵᠦ᠂  ᠬᠦᠶᠦᠬᠡᠨ ᠪᠤᠯᠠᠵᠥ ᠲᠤᠰᠤᠯᠭᠠᠨ ᠤᠰᠤᠯᠬᠠᠤ᠂ ᠤᠰᠤ ᠪᠤᠷᠳᠤᠭᠤᠷ ᠢ ᠨᠢᠭᠡ  ᠴᠤᠬᠴᠠᠵᠢᠭᠤᠯᠬᠤ  ᠵᠡᠷᠭᠡ ᠠᠮᠤ ᠪᠤᠳᠠᠭᠠᠨ ᠤ ᠥᠨᠳᠥᠷ ᠤᠨᠠᠯᠲᠠ ᠶᠢᠨ ᠮᠡᠷᠭᠡᠵᠢᠯ ᠢ 65 ᠲᠦᠮᠡᠨ ᠮᠥ᠂ ᠨᠡᠶᠢᠭᠡᠮᠴᠢᠯᠡᠭᠰᠡᠨ ᠦᠢᠯᠡᠴᠢᠯᠡᠭᠡ ᠶᠢ 119.07 ᠲᠦᠮᠡᠨ ᠮᠥ  ᠲᠡᠯᠭᠡᠷᠡᠬᠦᠯᠵᠥ᠂ ᠵᠢᠱᠢᠯᠲᠡ ᠪᠠᠷ ᠠᠮᠤ ᠪᠤᠳᠠᠭᠠᠨ ᠤ ᠤᠨᠠᠯᠲᠠ 28.74 ᠳ᠋ᠦᠩᠰᠢᠭᠤᠷ ᠵᠢᠩ  ᠳᠤ ᠬᠦᠷᠪᠡ ᠃    ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠪᠡ     ᠰᠤᠮᠤ ᠪᠠᠯᠭᠠᠰᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ︵2021— 2035 ᠣᠨ︶ ᠬᠢᠭᠡᠳ ᠲᠥᠪ ᠬᠤᠲᠠ  ᠲᠣᠭᠤᠷᠢᠭ ᠤᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠳᠤ 8 ᠲᠥᠷᠥᠯ ᠵᠦᠢᠯ ᠢ ᠬᠡᠷᠡᠭᠵᠢᠭᠦᠯᠵᠦ᠂ 13 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ᠂ 8 ᠰᠠᠭᠤᠷᠢ ᠤᠰᠤ ᠪᠠᠷ ᠤᠬᠢᠶᠠᠬᠤ ᠵᠣᠷᠯᠣᠩ ᠢ ᠰᠢᠨ᠎ᠡ ᠪᠠᠷ ᠪᠠᠶᠢᠭᠤᠯᠪᠠ᠃ ᠭᠡᠷ ᠪᠠᠶᠢᠰᠢᠩ ᠭᠠᠵᠠᠷ ᠬᠥᠷᠥᠩᠭᠡ ᠶᠢ 14.8 ᠲᠦᠮᠡᠨ ᠲᠡᠭᠰᠢ ᠳᠥᠷᠪᠡᠯᠵᠢᠨ ᠮᠧᠳ᠋ᠷ ᠨᠡᠭᠡᠭᠡᠨ ᠬᠦᠭᠵᠢᠬᠦᠯᠵᠥ᠂ ᠴᠸᠡᠭ ᠱᠢ ᡁᠢ ᠭᠤᠸᠠᠩ  ᠤᠨ ᠬᠤᠶᠠᠳᠤᠭᠠᠷ ᠬᠤᠭᠤᠴᠠᠭ᠎ᠠ᠂  ᠯᠢ ᠰᠢᠶᠠᠩ ᠵᠢᠶᠦ᠋ᠨ ᠹᠦ᠋᠂ ᠹᠦ᠋ ᠶᠤᠸᠠᠨ ᠯᠦᠩ ᠲᠢᠩ᠂ ᠢ ᠵᠢᠩ ᠵᠢᠶᠠ ᠶᠤᠸᠠᠨ ᠤ ᠲᠦᠷᠪᠡᠳᠦᠬᠡᠷ ᠬᠤᠭᠤᠴᠠᠭ᠎ᠠ ᠣᠷᠣᠵᠤ ᠰᠠᠭᠤᠬᠤ ᠪᠠᠷᠢᠮᠵᠢᠶ᠎ᠠ ᠳᠤ ᠬᠦᠷᠴᠡᠶ᠃ ︽ᠲᠤᠯᠠᠭᠠᠯᠠᠭ᠎ᠠ ᠶᠢᠨ ᠢᠨᠵᠧᠨᠧᠷᠢᠩ︾ ᠢ ᠯᠠᠪᠳᠠᠭᠤᠨ ᠢᠶᠠᠷ ᠠᠬᠢᠭᠤᠯᠵᠤ᠂ 570 ᠲᠦᠮᠡᠨ ᠲᠦᠭᠦᠷᠢᠭ ᠪᠡᠯᠡ ᠤᠷᠤᠭᠤᠯᠵᠥ᠂ ᠢᠯᠴᠢ ᠬᠠᠩᠭᠠᠬᠤ ᠬᠤᠶᠠᠳᠠᠬᠢ ᠤᠳᠠᠭᠠᠨ ᠤ ᠬᠤᠭᠤᠯᠠᠶ ᠶᠢᠨ ᠲᠣᠤᠷ ᠢ 95 ᠺᠢᠯᠣᠮᠧᠳ᠋ᠷ᠂ ᠠᠰᠠᠷ ᠤᠨ ᠬᠤᠩᠭᠢᠯ ᠤᠨ ᠰᠠᠪᠠᠯᠠᠭᠤᠷ 25 ᠺᠢᠯᠣᠮᠧᠳ᠋ᠷ᠂ 7ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠨ  ᠰᠠᠶᠢᠵᠢᠷᠠᠭᠤᠯᠵᠥ᠂  ᠲᠤᠯᠠᠭᠠᠯᠠᠭ᠎ᠠ ᠶᠢᠨ ᠭᠤᠶᠤᠴᠢᠯᠠᠭ᠎ᠠ 64.77% ᠪᠠᠭᠤᠷᠠᠵᠥ᠂ ᠠᠷᠠᠳ ᠲᠦᠮᠡᠨ ᠤ ᠬᠠᠨᠤᠮᠵᠢ ᠶᠢᠨ ᠬᠡᠮᠵᠢᠶ᠎ᠡ ᠪᠦᠬᠦ ᠲᠠᠯ᠎ᠠ ᠪᠠᠷ ᠲᠡᠭᠡᠭᠰᠢᠯᠡᠪᠡ᠃          ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠢᠵᠢᠷᠠᠪᠠ    ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠤ ᠵᠢᠯ ᠤᠨ ᠡᠭᠦᠷᠭᠡ ᠶᠢ 120.56 ᠲᠦᠮᠡᠨ ᠮᠦ ᠪᠡᠶᠡᠯᠡᠭᠦᠯᠵᠦ᠂  ᠰᠢᠳ᠂ ᠤᠯᠠᠭᠠᠨ ᠠᠭᠠᠯᠢᠭ ᠠᠯᠢᠮ᠎ᠠ ᠪᠠᠷ ᠭᠤᠤᠯᠯᠠᠬᠰᠠᠨ ᠠᠵᠥ ᠠᠬᠤᠢ ᠶᠢᠨ ᠤᠢ  ᠶᠢᠨ ᠰᠠᠭᠤᠷᠢᠨ ᠭᠠᠵᠠᠷ ᠢ 0.6 ᠲᠦᠮᠡᠨ ᠮᠤ᠋ ᠰᠠᠭᠤᠯᠭᠠᠪᠠ ᠃  3 ᠠᠭᠤᠷᠬᠠᠢ ᠶᠢᠨ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠦᠨᠡᠯᠡᠨ ᠵᠢᠱᠢᠯᠲᠡ ᠶᠢ ᠦᠩᠭᠡᠷᠡᠬᠦᠯᠪᠡ᠃ ᠭᠠᠨᠵᠤᠭ᠎ᠠ ᠭᠤᠤᠯ ᠬᠤᠳᠠ ᠲᠤᠭᠤᠷᠢᠭ ᠤᠨ ᠰᠢᠯᠢᠳᠡᠭ ᠠᠭᠠᠷ ᠤᠨ ᠡᠳᠦᠷ ᠤᠨ ᠲᠤᠭ᠎ᠠ ᠶᠢᠨ ᠬᠠᠷᠢᠴᠠᠯ ᠠᠳᠠᠯᠢ ᠬᠤᠭᠤᠴᠠᠭᠠᠨ ᠤ ᠬᠢ ᠠᠴᠠ 4.7 %  ᠨᠡᠮᠡᠭᠳᠡᠪᠡ᠃     ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠠᠳᠤᠳᠠᠢ ᠨᠡᠮᠡᠭᠳᠡᠬᠦᠯᠪᠡ    ᠨᠡᠶᠢᠭᠡᠮ ᠤᠨ ᠪᠠᠲᠤᠯᠠᠭ᠎ᠠ ᠨᠡᠩ ᠬᠦᠴᠦᠲᠡᠢ ᠪᠣᠯᠪᠠ᠃ ᠪᠦᠬᠦ ᠵᠢᠯ ᠳᠤ᠂ ᠡᠳ᠋ ᠤᠨ ᠵᠠᠰᠠᠭ ᠤᠨ ᠪᠡᠯᠡ ᠮᠥᠩᠭᠦ ᠶᠢ 10.95 ᠳ᠋ᠦᠩᠰᠢᠭᠤᠷ ᠲᠥᠭᠦᠷᠢᠭ ᠣᠷᠣᠭᠤᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠯᠡᠵᠦ᠂ ᠡᠯ᠎ᠡ ᠲᠥᠷᠥᠯ ᠤᠨ ᠨᠥᠬᠦᠪᠥᠷᠢ ᠶᠢ ᠨᠡᠶᠢᠲᠡ 8.74 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠰᠢᠭᠤ ᠪᠠᠯᠭᠠᠰᠤ ᠬᠤᠶᠠᠷ ᠱᠠᠲᠤᠨ ᠤ 24 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠠᠵᠢᠯ ᠤᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂  ᠰᠢᠨ᠎ᠡ ᠪᠠᠷ  ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠣᠯᠭᠤᠯᠲᠠ ᠳᠤ 1362 ᠬᠥᠮᠥᠨ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠤᠯᠭᠤᠯᠳᠠ ᠳᠤ 4.7 ᠲᠦᠮᠡᠨ ᠬᠥᠮᠥᠨ ᠨᠡᠮᠡᠭᠳᠡᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.46% ᠳᠤ ᠬᠦᠷᠪᠡ᠃ ︽ᠬᠤᠷᠴᠢᠨ ᠦᠬᠡᠷ ᠤᠨ ᠠᠵᠤ ᠦᠢᠯᠡᠰ ᠤᠨ ᠦᠢᠯᠡᠳᠪᠦᠷᠢ︾ ᠶᠢᠨ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠭᠤᠷᠪᠠᠨ ᠮᠤᠵᠢ ᠨᠢᠭᠡ ᠣᠷᠣᠨ ᠤ ᠬᠥᠳᠡᠯᠮᠦᠷᠢ ᠦᠢᠯᠡᠴᠢᠯᠡᠭᠡᠨ ᠤ  ᠨᠡᠷᠡᠳᠦ ᠲᠡᠮᠳᠡᠭ ᠤᠨ ᠰᠣᠯᠢᠯᠴᠠᠭ᠎ᠠ ᠪᠠ ᠪᠦᠬᠦ ᠤᠯᠤᠰ ᠤᠨ ᠬᠥᠳᠡᠯᠮᠦᠷᠢ ᠦᠢᠯᠡᠴᠢᠯᠡᠭᠡᠨ ᠤ  ᠨᠡᠷᠡᠳᠦ ᠲᠡᠮᠳᠡᠭ ᠤᠨ ᠦᠷ᠎ᠡ ᠪᠦᠲᠦᠭᠡᠯ ᠤᠨ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠪᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ 30.94 ᠲᠦᠮᠡᠨ ᠬᠥᠮᠦᠨ ᠣᠷᠣᠯᠴᠠᠵᠤ᠂ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢ 3.42 ᠳ᠋ᠦᠩᠰᠢᠭᠤᠷ ᠲᠥᠭᠦᠷᠢᠭ  ᠦᠭᠴᠦ᠂ ᠡᠮᠴᠢᠯᠡᠭᠡᠨ ᠤ ᠲᠠᠭᠠᠳᠬᠠᠯ ᠤᠨ ᠲᠦᠷᠢᠮ ᠤᠨ ᠡᠷᠬᠢᠯᠳᠡ ᠶᠡᠷᠦᠩᠬᠡᠢ ᠳᠡᠭᠡᠨ ᠲᠤᠬᠳᠠᠭᠤᠨ ᠪᠠᠶᠢᠨ᠎ᠠ᠃     ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠳᠤᠯᠠᠪᠠ    ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 16.06 ᠳ᠋ᠦᠩᠰᠢᠭᠤᠷ ᠲᠥᠭᠦᠷᠢᠭ ᠠᠷᠢᠯᠭᠠᠪᠠ᠃ ᠠᠶᠤᠯᠭᠦᠢ ᠦᠢᠯᠡᠳᠪᠦᠷᠢᠯᠡᠯ ᠤᠨ ︽ᠬᠠᠮᠠᠭᠠᠯᠠᠯᠲᠠ ᠶᠢᠨ ᠲᠣᠣᠷ︾ ᠢ ᠡᠷᠡᠰ ᠪᠠᠲᠤ ᠪᠠᠶᠢᠭᠤᠯᠵᠤ᠂ ᠪᠦᠬᠦ ᠬᠦᠷᠢᠶᠡᠨ ᠳᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂  ᠪᠦᠬᠦ ᠵᠢᠯ ᠳᠤ  ᠬᠦᠨᠳᠦ  ᠣᠨᠴᠠ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃ ︽ᠭᠤᠷᠪᠠᠨ ᠦᠢᠯᠡᠳᠬᠦᠨ ᠨᠢᠭᠡ ᠤᠨᠴᠠ︾ ᠶᠢᠨ ᠠᠮᠦᠷ ᠲᠥᠪᠰᠢᠨ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠩᠬᠠᠳᠠᠭᠴᠢ ᠮᠠᠯᠵᠢᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢ ᠪᠠᠶᠢᠭᠤᠯᠪᠠ᠃ ᠵᠡᠭᠦᠨ ᠯᠢᠶᠤᠤᠾᠧ ᠭᠤᠣᠯ ᠤᠨ ᠦᠶᠡᠷ ᠤᠨ ᠤᠰᠤᠨ ᠤ ᠬᠢᠯᠢ ᠳᠠᠪᠠᠭ᠋ᠤ ᠠᠶᠤᠯ ᠢ ᠰᠢᠨᠵᠢᠯᠡᠬᠦ ᠤᠬᠠᠭᠠᠨᠴᠢ ᠪᠠᠷ ᠠᠷᠭᠠᠴᠠᠵᠥ᠂  ᠤᠰᠤᠨ ᠠᠰᠢᠬᠯᠠᠯᠳᠠ ᠶᠢᠨ ᠰᠠᠭᠤᠷᠢ ᠲᠦᠭᠦᠭᠡᠷᠦᠮᠵᠢ ᠶᠢᠨ ᠲᠦᠷᠦᠯ ᠵᠦᠢᠯ ᠢ 8 ᠭᠡᠷᠡᠭᠵᠢᠬᠦᠯᠵᠥ᠂ ᠦᠶᠡᠷ  ᠤᠰᠤᠳᠤᠯ ᠢ ᠰᠡᠷᠭᠡᠶᠢᠯᠡᠬᠦ ᠴᠢᠳᠠᠪᠤᠷᠢ ᠤᠯᠠᠮ ᠲᠡᠭᠡᠭᠰᠢᠯᠡᠪᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ︽  ᠰᠤᠷᠪᠤᠯᠵᠢᠯᠠᠭ᠎ᠠ ᠵᠠᠭᠠᠯᠳᠤᠯᠭ᠎ᠠ ᠦᠬᠡᠢ︾ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠤᠰ ᠪᠠᠶᠢᠭᠤᠯᠬᠤ ᠠᠵᠢᠯ ᠤᠨ ᠵᠠᠭᠪᠤᠷ ᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 2700 ᠭᠠᠷᠤᠶ ᠪᠠᠶᠢᠴᠠᠭᠠᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠪᠠ᠃      ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠪᠠ    ᠡᠯ᠎ᠡ ᠦᠨᠳᠦᠰᠦᠳᠡᠨ ᠤ ᠶᠠᠪᠤᠯᠴᠠᠭ᠎ᠠ ᠰᠤᠯᠢᠯᠴᠠᠭ᠎ᠠ  ᠠᠭᠤᠰᠤᠯᠴᠠᠯ ᠤᠨ ︽ᠭᠤᠷᠪᠠᠨ ᠲᠦᠷᠦᠯ ᠤᠨ ᠲᠦᠯᠦᠪᠯᠡᠭᠡ︾ ᠶᠢ ᠭᠡᠷᠡᠭᠵᠢᠬᠦᠯᠵᠥ᠂ ︽ᠵᠢᠷᠭᠤᠭ᠎ᠠ ᠶᠢ ᠠᠭᠤᠰᠤᠯᠴᠠᠭᠤᠯᠤᠨ ᠰᠡᠳᠬᠢᠯ  ᠨᠢᠭᠡᠳᠭᠡᠬᠦ︾ ᠨᠡᠷᠡᠳᠦ ᠲᠡᠮᠳᠡᠭ ᠢ ᠪᠤᠢ ᠪᠤᠯᠭᠠᠨ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠨᠡᠩ ᠪᠠᠳᠤᠳᠬᠠᠪᠠ᠃     ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠪᠠ      ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ  ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ  ᠦᠷᠨᠢᠬᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠳᠡᠭᠡᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ  ᠬᠢᠨᠠᠯᠳᠠ ᠶᠢ ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠠᠤᠯᠢ ᠶᠣᠰᠣᠭᠠᠷ  ᠬᠦᠢᠴᠡᠳᠭᠡᠨ᠂ ᠡᠯ᠎ᠡ ᠵᠦᠢᠯ ᠤᠨ ᠲᠤᠭᠤᠷᠢᠨ ᠪᠠᠶᠢᠴᠭᠠᠯᠳᠠ ᠶᠢᠨ ᠬᠠᠷᠢᠭᠤ ᠲᠤᠰᠠᠬᠠᠰᠠᠨ ᠠᠰᠠᠭᠤᠳᠠᠯ ᠢ  ᠴᠡᠭᠴᠡᠯᠡᠵᠥ ᠦᠭᠡᠷᠡᠴᠢᠯᠡᠬᠦ ᠶᠢ ᠴᠢᠩᠭ᠎ᠠ ᠪᠤᠳᠠᠳᠠᠢ ᠠᠬᠢᠭᠤᠯᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠵᠤ᠂ ︽ᠨᠠᠢᠮᠠ ᠲᠠᠪᠤ︾ ᠶᠢᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠴᠢᠬᠤᠯᠠ ᠶᠡᠭᠡ ᠵᠦᠢᠯᠡᠰ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭ᠎ᠠ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠪᠠ᠃ ᠠᠷᠪᠢᠯᠠᠨ ᠭᠠᠮᠨᠠᠬᠤ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠦᠷᠭᠦᠯᠵᠢᠯᠡᠨ ᠪᠠᠭᠠᠰᠬᠠᠪᠠ᠃     
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号