ᠴᠠᠷᠠᠰᠤ ᠪᠠᠯᠭᠠᠰᠤ ᠬᠡᠷ ᠲᠤᠨᠢ ᠬᠦᠷᠴᠦ ᠤᠯᠠᠨ ᠲᠦᠮᠡᠨ ᠤ ᠡᠮᠴᠢᠯᠡᠭᠡᠨ ᠤ ᠲᠠᠭᠠᠳᠬᠠᠯ ᠤᠨ ᠮᠦᠩᠬᠦ ᠲᠤᠰᠢᠶᠠᠬᠤ ᠳᠤ ᠦᠢᠯᠡᠴᠢᠯᠡᠵᠥ ᠪᠠᠶᠢᠨ᠎ᠠ
ᠨᠡᠶᠢᠲᠡᠯᠡᠭᠰᠡᠨ ᠴᠠᠭ᠄
2025/1/16
    2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠷᠢᠶ᠎ᠠ ᠣᠷᠣᠨ ᠤ ᠣᠯᠠᠨ ᠲᠦᠮᠡᠨ ᠤ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ︾᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠃ ᠣᠶᠢᠷ᠎ᠠ ᠳᠤ᠂ ᠴᠠᠷᠠᠰᠤ ᠪᠠᠯᠭᠠᠰᠤ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃    ᠪᠠᠯᠭᠠᠰᠤᠨ ᠤ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠳᠠᠭᠠᠭᠠᠴᠢᠯᠠᠭᠰᠠᠨ ᠺᠠᠳ᠋ᠷ ᠪᠦᠬᠦᠨ ᠢᠶᠠᠷ ᠢᠶᠠᠨ ᠲᠣᠰᠬᠤᠨ ᠡᠷᠦᠬᠡ ᠳᠤ ᠪᠠᠭᠤᠵᠤ᠂ ᠲᠣᠰᠬᠤᠨ ᠤ ᠠᠷᠠᠳ ᠤᠨ ᠰᠦᠯᠵᠢᠶᠡᠨ ᠳᠡᠭᠡᠷᠡᠬᠢ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠬᠡᠷᠬᠢᠨ ᠬᠢᠬᠦ ᠶᠢ ᠭᠠᠷ ᠲᠠᠮᠵᠢᠨ ᠵᠢᠯᠣᠭᠤᠳᠴᠤ᠂ ᠬᠠᠮᠤᠭ ᠤᠨ ᠰᠢᠨ᠎ᠡ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠦᠯᠢᠴᠡᠩᠭᠦᠶ ᠪᠠᠷ ᠨᠠᠷᠢᠨ ᠲᠠᠶᠢᠯᠪᠤᠷᠢᠯᠠᠵᠤ᠂ ᠲᠡᠳᠡᠨ ᠢ  ︽ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠣᠷᠣᠯᠴᠠᠬᠤ ︾ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠤᠬᠠᠮᠰᠠᠷᠲᠤ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠬᠠᠷᠠᠯᠲᠠ ᠶᠢ ᠴᠢᠷᠮᠠᠶᠢᠨ ᠪᠡᠶᠡᠯᠡᠭᠦᠯᠪᠡ᠃    ᠲᠠᠷᠠᠭᠠᠴᠢ ᠶᠢᠨ ᠠᠯᠬᠤᠮ ᠳᠤ᠂ ᠴᠠᠷᠠᠰᠤ ᠪᠠᠯᠭᠠᠰᠤ ᠡᠷᠦᠬᠡ ᠳᠤ ᠬᠦᠷᠴᠦ ᠲᠥᠷᠥ ᠶᠢᠨ ᠪᠣᠳᠣᠯᠭ᠎ᠠ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠤᠬᠠᠮᠰᠠᠷ ᠢ ᠳᠡᠭᠡᠭᠰᠢᠯᠡᠭᠦᠯᠦᠨ᠂ ︽ᠮᠠᠰᠢᠨ ᠲᠡᠭᠡᠷ᠎ᠡ ᠬᠦᠢᠴᠡᠳᠭᠡᠬᠦ︾ ᠶᠢ ︽  ᠬᠠᠷᠮᠠᠨ  ᠳ᠋ᠢᠶᠠᠩᠬᠤᠸᠠ ᠪᠠᠷ ᠬᠦᠢᠴᠡᠳᠭᠡᠬᠦ︾᠂ ︽ᠣᠶᠢᠷ᠎ᠠ ᠬᠠᠪᠢ  ᠳᠤ ᠬᠦᠢᠴᠡᠳᠭᠡᠬᠦ︾  ᠶᠢ ︽ᠬᠡᠷ ᠲᠤᠨᠢ ᠬᠦᠷᠴᠦ  ᠬᠦᠢᠴᠡᠳᠭᠡᠬᠦ ︾ ᠶᠢ ᠪᠡᠶᠡᠯᠡᠭᠦᠯᠵᠦ᠂ ᠲᠣᠰᠬᠤᠨ ᠤ ᠠᠷᠠᠳ ᠤᠨ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠶᠢ ᠦᠨᠡᠨ ᠬᠦ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ  ᠰᠦᠢᠳᠭᠡᠯ ᠲᠤᠰᠢᠶᠠᠬᠤ ᠵᠠᠢ ᠦᠬᠡᠢ  ᠦᠢᠯᠡᠴᠢᠯᠡᠭᠡ ᠶᠢ ᠪᠡᠶᠡᠯᠡᠬᠦᠯᠪᠡ ᠃
医保缴费.jpg
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号