ᠴᠢᠦ ᠵᠢᠶᠦ᠋ᠨ ᠭᠤᠣᠯᠯᠠᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠠ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/16
   1 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢᠦ ᠵᠢᠶᠦ᠋ᠨ ᠮᠠᠨ ᠤ ᠬᠤᠰᠢᠭᠤᠨ ᠤ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠴᠠᠬᠢᠭᠤᠷ ᠡᠯᠡᠰᠦ᠂ ᠠᠯᠠᠰᠢᠨ ᠦᠬᠡᠷ᠂ ᠡᠮ ᠡᠮᠨᠡᠯᠭᠡ ᠵᠡᠷᠭᠡ ᠭᠤᠣᠯᠯᠠᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠣᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠪᠠ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠵᠠᠶ᠃
 邱军调研主导产业发展情况.jpg 
   ᠴᠢᠦ ᠵᠢᠶᠦ᠋ᠨ ᠨᠡᠷ ᠤᠷᠢᠳ ᠬᠤᠵᠢᠳ ᠺᠠᠩ ᠴᠧᠨ ᠡᠮ ᠤᠨ ᠦᠢᠯᠡᠰ᠂ ᠬᠤᠸᠠ ᠪᠠᠩ ᠡᠮ ᠤᠨ ᠦᠢᠯᠡᠰ᠂ ᠴᠠᠩ ᠵᠢᠶᠠᠩ ᠳᠦᠷᠰᠦ ᠪᠦᠲᠦᠭᠡᠯᠲᠡ᠂ ᠲᠢᠶᠠᠨ ᠶᠠᠩ ᠰᠢᠨ᠎ᠡ ᠮᠠᠲ᠋ᠧᠷᠢᠶᠠᠯ᠂ ᠮᠧᠩ ᠰᠢᠶᠠᠩ ᠴᠢᠩ᠂ ᠱᠠᠩ ᠬᠤᠩ ᠠᠷᠢᠬᠢᠨ ᠤ ᠦᠢᠯᠡᠰ᠂ ᠹᠦ᠋ ᠢ ᠵᠠᠮ ᠤᠨ ᠰᠢᠨ᠎ᠡ ᠮᠠᠲ᠋ᠧᠷᠢᠶᠠᠯ ᠵᠡᠷᠭᠡ ᠠᠵᠤ ᠠᠬᠤᠶᠢᠯᠠᠯ ᠪᠣᠯᠤᠨ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠤᠨ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠦᠷᠳᠡᠭᠡ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠶᠢᠩ ᠲᠦᠩ ᠡᠨᠧᠷᠭᠢ᠂ ᠳᠠᠪᠤᠰᠤᠨ ᠤᠰᠤᠲᠥ᠋ᠷᠥᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠵᠢᠤᠢ ᠷᠦᠩ LNG ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ ᠤ ᠪᠠᠶᠢᠳᠠᠯ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠤ ᠠᠵᠢᠯᠯᠠᠵᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠪᠡ᠃    ᠡᠭᠦᠨ ᠤ ᠬᠠᠮᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠦᠢᠯᠡᠳᠪᠦᠷᠢᠯᠡᠯ ᠤᠨ ᠠᠵᠢᠯᠯᠠᠭᠠᠨ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠲᠦᠭᠵᠢᠷᠡᠯ᠂ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠪᠠᠲᠤᠯᠠᠵᠤ᠂ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠢ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠵᠤ᠂ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号