ᠦᠰᠦᠭ ᠪᠢᠴᠢᠭ ᠤᠨ ᠲᠠᠶᠢᠯᠤᠮᠵᠢ᠄ 2025 ᠣᠨ ᠤ ᠠᠵᠢᠯ ᠤᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄
2025/1/16
   ᠡᠨᠡ ᠵᠢᠯ ᠪᠣᠯ ︽ᠠᠷᠪᠠᠨ ᠲᠦᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ︾ ᠶᠢᠨ ᠡᠴᠦᠰ ᠤᠨ ᠵᠢᠯ ᠮᠥᠨ᠂ ᠪᠠᠰᠠ ᠴᠤ  ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠪᠠᠶᠢᠷᠢᠯᠠᠭᠤᠯᠤᠯᠲᠠ ᠶᠢᠨ ᠵᠢᠯ ᠮᠥᠨ᠂ ᠨᠠᠩ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠨᠢ ᠠᠯᠤᠰ ᠬᠡᠳᠦ ᠶᠢᠨ ᠠᠴᠢ ᠬᠤᠯᠪᠣᠭᠳᠠᠯ ᠲᠠᠢ ᠪᠥᠭᠡᠳ ᠬᠠᠷᠢᠭᠤᠴᠠᠯᠭ᠎ᠠ ᠬᠦᠨᠳᠦ ᠶᠡᠭᠡ ᠶᠤᠮ᠃       ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠶᠢ ᠭᠦᠨᠵᠡᠭᠡᠶ  ᠨᠠᠶᠢᠳᠠᠪᠤᠷᠢᠵᠢᠭᠤᠯᠤᠨ᠎ᠠ᠃ ᠨᠢᠭᠡ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠠᠳᠬᠤᠵᠤ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠠᠭᠤᠷᠢ ᠲᠠᠯᠪᠢᠬᠤ᠂ ᠠᠯᠤᠰ ᠬᠡᠳᠦ ᠳᠤ ᠠᠰᠢᠭᠲᠠᠢ᠂ ᠦᠷᠭᠦᠯᠵᠢᠯᠡᠬᠦ᠂ ᠴᠢᠨᠠᠷ ᠰᠠᠶᠢᠲᠠᠢ ᠪᠠᠶᠢᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠬᠥᠭᠡᠭᠡᠴᠡᠯᠳᠦᠵᠦ᠂ ᠠᠵᠢᠯᠯᠠᠬᠤ ᠶᠢ ᠲᠡᠷᠢᠭᠦᠨ ᠳᠤ ᠲᠠᠯᠪᠢᠨ ᠬᠥᠭᠵᠢᠯᠲᠡ ᠶᠢ ᠠᠳᠬᠤᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃        ᠭᠤᠣᠯ ᠵᠢᠱᠢᠭᠰᠡᠨ ᠬᠠᠷᠠᠯᠲᠠ ᠪᠣᠯ᠄      ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5%ᠨᠡᠮᠡᠭᠳᠡᠭᠦᠯᠦᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30% ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 20% ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 3.8 % ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 4% ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6%᠂ 6.5 %  ᠨᠡᠮᠡᠭᠳᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号