︵ᠨᠢᠭᠡ︶ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠬᠠᠭᠤᠴᠢᠨ ᠰᠠᠭᠤᠭᠠᠯᠢ ᠲᠣᠭᠤᠷᠢᠭ ᠢ | ᠦᠬᠡᠷᠡᠴᠢᠯᠡᠵᠥ ᠰᠠᠭᠤᠷᠢ ᠲᠦᠭᠦᠭᠡᠷᠦᠮᠵᠢ ᠶᠢ ᠢᠵᠢ ᠪᠦᠷᠢᠳᠦᠭᠦᠯᠬᠦ ᠲᠥᠷᠥᠯ ᠵᠦᠢᠯ᠃ 1446.93 ᠲᠦᠮᠡᠨ | ᠲᠥᠭᠦᠷᠢᠭ ᠪᠠᠯᠠ ᠣᠷᠣᠭᠤᠯᠬᠤ ᠪᠠᠷ ᠲᠥᠯᠥᠪᠯᠡᠵᠦ᠂ ᠲᠠᠢ ᠾᠧ ᠵᠢᠵᠢᠭ ᠲᠣᠭᠤᠷᠢᠭ᠂ ᠬᠤᠩ ᠰᠢᠨ ᠬᠤᠸᠠ ᠶᠤᠸᠠᠨ | ᠵᠡᠷᠭᠡ ᠵᠢᠵᠢᠭ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠬᠡᠰᠡᠭ ᠬᠠᠭᠤᠴᠢᠨ | ᠵᠢᠵᠢᠭ ᠲᠣᠭᠤᠷᠢᠭ ᠤᠨ ᠰᠠᠭᠤᠷᠢ ᠲᠥᠬᠦᠭᠡᠷᠦᠮᠵᠢ ᠲᠡᠭᠦᠯᠳᠡᠷ ᠪᠤᠰᠤ᠂ ᠲᠥᠬᠦᠭᠡᠷᠦᠮᠵᠢ ᠬᠠᠭᠤᠴᠢᠷᠠᠭᠰᠠᠨ ᠵᠢᠴᠢ | ᠤᠳᠠᠭᠠᠨ ᠵᠢᠯ ᠵᠠᠰᠠᠭᠰᠠᠨ ᠦᠭᠡᠢ ᠠᠴᠠ ᠪᠣᠯᠤᠭᠰᠠᠨ ᠴᠢᠳᠠᠮᠵᠢ ᠶᠢᠨ ᠴᠢᠨᠠᠷᠲᠠᠢ ᠠᠰᠠᠭᠤᠳᠠᠯ ᠢ ᠰᠢᠢᠳᠪᠦᠷᠢᠯᠡᠨ᠎ᠡ᠃ | ︵ᠬᠤᠶᠠᠷ︶ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ | ᠤᠨᠠᠯᠳᠠ ᠶᠢ ᠲᠡᠭᠡᠭᠰᠢᠯᠡᠬᠦᠯᠬᠦ ᠢᠨᠵᠧᠨᠧᠷᠢᠩ᠃ 4600 ᠲᠦᠮᠡᠨ ᠲᠥᠭᠦᠷᠢᠭ ᠪᠠᠯᠠ ᠣᠷᠣᠭᠤᠯᠬᠤ ᠪᠠᠷ | ᠲᠥᠯᠥᠪᠯᠡᠵᠦ᠂ 15 ᠲᠦᠮᠡᠨ ᠮᠥ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ | ᠵᠦᠢᠯ ᠢ ᠬᠡᠷᠡᠭᠵᠢᠭᠦᠯᠵᠦ᠂ ᠢᠵᠢ ᠪᠥᠷᠢᠳᠦᠭᠦᠯᠬᠦ ᠲᠥᠷᠥᠯ ᠵᠦᠢᠯ ᠤᠨ ᠣᠷᠣᠨ ᠤ ᠤᠰᠤᠨ ᠬᠥᠭᠡᠷᠭᠡ᠂ ᠬᠤᠭᠤᠯᠠᠶ᠂ | ᠳᠤᠰᠤᠯᠭᠠᠨ ᠤᠰᠤᠯᠠᠬᠤ ᠪᠦᠰᠡ ᠵᠡᠷᠭᠡ ᠲᠠᠷᠢᠶᠠᠨ ᠭᠠᠵᠠᠷ ᠤᠨ ᠤᠰᠤᠯᠠᠯᠲᠠ ᠶᠢᠨ ᠲᠥᠬᠦᠭᠡᠷᠦᠮᠵᠢ ᠶᠢ | ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠲᠥᠷᠥᠯ ᠵᠦᠢᠯ ᠤᠨ ᠣᠷᠣᠨ ᠤ ᠮᠥ ᠪᠦᠷᠢ ᠶᠢᠨ ᠳᠤᠮᠳᠠᠴᠢ ᠤᠨᠠᠯᠲᠠ ᠶᠢ | 1600 ᠵᠢᠩ ᠳᠤ ᠬᠦᠷᠭᠡᠬᠦ ᠶᠢ ᠪᠡᠶᠡᠯᠡᠭᠦᠯᠵᠦ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ | ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠮᠠᠯᠴᠢᠨ ᠲᠠᠷᠢᠶᠠᠴᠢᠨ ᠤ ᠣᠷᠣᠯᠭ᠎ᠠ ᠶᠢᠨ | ᠨᠡᠮᠡᠭᠳᠡᠯ ᠢ ᠠᠬᠢᠭᠤᠯᠤᠨ᠎ᠠ᠃ | ︵ᠭᠤᠷᠪᠠ︶ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢᠨ | ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ᠃ 300 ᠲᠦᠮᠡᠨ ᠲᠥᠭᠦᠷᠢᠭ ᠪᠠᠯᠠ ᠣᠷᠣᠭᠤᠯᠬᠤ ᠪᠠᠷ | ᠲᠥᠯᠥᠪᠯᠡᠵᠦ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠡᠷᠭᠡᠨ ᠵᠣᠭᠰᠣᠭᠠᠯ ᠳᠤ | 15 ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ ᠪᠠᠶᠢᠭᠤᠯᠵᠤ᠂ | ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠶᠠᠪᠤᠳᠠᠯ | ᠭᠦᠢᠴᠡᠳᠭᠡᠬᠦ ᠣᠯᠠᠨ ᠲᠦᠮᠡᠨ ᠵᠢᠴᠢ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠴᠠᠬᠢᠯᠭᠠᠨ ᠴᠡᠨᠡᠭᠯᠡᠬᠦ | ᠬᠡᠷᠡᠭᠴᠡᠭᠡ ᠶᠢ ᠬᠠᠩᠭᠠᠨ᠎ᠠ᠃ | ︵ᠲᠦᠷᠪᠡ︶ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠴᠣᠩᠬᠤᠪᠴᠢ ᠪᠠᠷ ᠨᠡᠶᠢᠳᠡᠮ ᠭᠦᠢᠴᠡᠳᠭᠡᠬᠦ︾ ᠥᠭᠡᠷᠡᠴᠢᠯᠡᠯᠲᠡ ᠪᠠ ︽ᠨᠢᠭᠡ ᠥᠷᠲᠡᠭᠡᠴᠢᠯᠡᠭᠰᠡᠨ ᠮᠠᠶ᠋ᠢᠭ︾ ᠤᠨ | ᠲᠣᠮᠢᠯᠠᠭᠰᠠᠨ ᠰᠠᠯᠪᠤᠷᠢ ᠶᠢᠨ ᠪᠥᠲᠥᠭᠡᠨ ᠪᠠᠶᠢᠭᠤᠯᠤᠯᠲᠠ ᠵᠢᠨᠲ᠋ᠥ᠋ᠷᠥᠯ ᠵᠦᠢᠯ᠃ 93.5 ᠲᠦᠮᠡᠨ ᠲᠥᠭᠦᠷᠢᠭ ᠪᠠᠯᠠ | ᠣᠷᠣᠭᠤᠯᠬᠤ ᠪᠠᠷ ᠲᠥᠯᠥᠪᠯᠡᠵᠦ᠂ ᠶᠡᠷᠦᠩᠬᠡᠶᠢᠯᠡᠭᠰᠡᠨ ᠴᠣᠩᠬᠤᠪᠴᠢ ᠶᠢᠨ ᠬᠠᠪᠰᠤᠷᠤᠭᠴᠢ ᠶᠢᠨ ᠦᠵᠦᠭᠦᠷ ᠤᠨ | ᠲᠥᠬᠦᠭᠡᠷᠦᠮᠵᠢ ᠶᠢ 17 ᠬᠤᠳᠠᠯᠳᠤᠨ ᠠᠪᠴᠤ᠂ ᠪᠣᠶ ᠪᠥᠬᠦᠶ ᠴᠠᠭᠳᠠᠭᠠᠨ ᠤ ᠲᠥᠷᠥᠯ ᠤᠨ ᠲᠤᠬᠠᠶᠢᠯᠠᠭᠰᠠᠨ ᠠᠵᠢᠯ ᠢ | ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠨ᠂ ᠶᠡᠷᠦᠩᠬᠡᠶ ᠰᠠᠯᠠᠭᠠᠨ ᠳᠤ ᠭᠦᠢᠴᠡᠳᠬᠡᠬᠦ︾ ᠶᠢ | ᠪᠡᠶᠡᠯᠡᠭᠦᠯᠵᠦ᠂ ᠡᠭᠦᠨ ᠤ ᠤᠯᠠᠮ ᠢᠶᠠᠷ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ ᠪᠠ ᠳᠥᠭᠦᠮᠴᠢᠯᠡᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ︵ᠲᠠᠪᠤ︶ ᠭᠠᠨᠵᠤᠭ᠎ᠠ ᠭᠤᠣᠯ ᠬᠤᠲᠠ ᠲᠣᠭᠤᠷᠢᠭ ᠲᠤ ᠤᠰᠤ ᠪᠠᠷ ᠤᠬᠢᠶᠠᠬᠤ ᠨᠡᠢᠲᠡ ᠶᠢᠨ ᠵᠣᠷᠯᠣᠩ ᠢ ᠰᠢᠨ᠎ᠡ | ᠪᠠᠷ ᠪᠠᠢᠭᠤᠯᠬᠤ ᠵᠢᠴᠢ ᠥᠭᠡᠷᠡᠴᠢᠯᠡᠨ ᠪᠠᠢᠭᠤᠯᠬᠤ ᠲᠥᠷᠥᠯ ᠵᠦᠢᠯ᠃ 282.5 ᠲᠦᠮᠡᠨ ᠲᠥᠭᠦᠷᠢᠭ ᠪᠠᠯᠠ | ᠣᠷᠣᠭᠤᠯᠬᠤ ᠪᠠᠷ ᠲᠥᠯᠥᠪᠯᠡᠵᠦ᠂ ᠭᠠᠨᠵᠤᠭ᠎ᠠ ᠭᠤᠤᠯ ᠬᠤᠲᠠ ᠶᠢᠨ ᠲᠣᠭᠤᠷᠢᠭ ᠲᠤ ᠬᠥᠩᠭᠡᠨ ᠪᠣᠯᠣᠳ ᠪᠦᠲᠦᠴᠡ | ᠪᠦᠬᠦᠢ ᠤᠰᠤ ᠪᠠᠷ ᠤᠬᠢᠶᠠᠬᠤ ᠮᠠᠶ᠋ᠢᠭ ᠤᠨ ᠨᠡᠶᠢᠲᠡ ᠶᠢᠨ ᠵᠣᠷᠯᠣᠩ ᠢ 5 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠵᠤ᠂ ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ | ᠠᠮᠢᠳᠤᠷᠠᠯ ᠤᠨ ᠳᠥᠭᠦᠮ ᠴᠢᠨᠠᠷ ᠪᠠ ᠲᠠᠭᠠᠯᠠᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ | ︵ᠵᠢᠷᠭᠤᠭ᠎ᠠ︶ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ | ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ᠃ 900 ᠲᠦᠮᠡᠨ ᠲᠥᠭᠦᠷᠢᠭ ᠪᠡᠯᠡ ᠣᠷᠣᠭᠤᠯᠬᠤ ᠪᠠᠷ | ᠲᠥᠯᠥᠪᠯᠡᠵᠦ᠂ ᠭᠠᠨᠵᠤᠭ᠎ᠠ ᠪᠠᠯᠭᠠᠰᠤᠨ ᠤ ᠬᠠᠶᠢᠰᠤᠭᠠᠢ ᠭᠠᠴᠠᠭ᠎ᠠ ᠳᠤ ᠤᠰᠤ ᠬᠠᠩᠭᠠᠬᠤ ᠢᠨᠵᠧᠨᠧᠷᠢᠩ ᠵᠢᠴᠢ | ᠢᠵᠢ ᠪᠦᠷᠢᠳᠦᠭᠦᠯᠬᠦ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠲᠥᠷᠥᠯ ᠵᠦᠢᠯ ᠤᠨ ᠲᠣᠭᠤᠷᠢᠭ ᠤᠨ 5646 | ᠬᠥᠮᠦᠨ ᠤ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠰᠠᠶᠢᠵᠢᠷᠠᠭᠤᠯᠵᠤ᠂ ᠣᠯᠠᠨ ᠲᠦᠮᠡᠨ ᠳᠤ ᠨᠠᠩ ᠠᠮᠤᠷ ᠲᠦᠪᠰᠢᠨ᠂ | ᠡᠷᠡᠭᠦᠯ ᠲᠤᠩᠭᠠᠯᠠᠭ ᠤᠤᠭᠤᠬᠤ ᠤᠰᠤ ᠬᠠᠩᠭᠠᠨ᠎ᠠ᠃ |