1 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠴᠢᠦ ᠵᠢᠶᠦ᠋ᠨ ᠬᠢᠭᠡᠳ ᠱᠧᠨᠶᠠᠩ ᠤᠨ ᠲᠢᠶᠠᠨ ᠹᠦ᠋ ᠢᠳᠡᠭᠡᠨ ᠤ ᠬᠢᠵᠠᠭᠠᠷᠲᠤ ᠺᠣᠮᠫᠠᠨᠢ ᠲᠠᠢ ᠵᠣᠯᠭᠠᠭᠤᠯᠤᠨ | ᠵᠥᠪᠳᠡᠯᠴᠡᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠶᠢᠨ ᠴᠢᠶᠠᠩ ᠵᠢᠴᠢ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | | ᠴᠢᠦ ᠵᠢᠶᠦ᠋ᠨ ᠨᠡᠷ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ᠂ ᠦᠢᠯᠡᠳᠬᠦᠨ ᠤ ᠦᠵᠡᠭᠦᠯᠭᠡ ᠶᠢᠨ | ᠲᠣᠭᠤᠷᠢᠭ ᠪᠣᠯᠤᠨ ᠰᠢᠨ᠎ᠡ ᠦᠢᠯᠡᠳᠪᠦᠷᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ | ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠳᠠᠷᠠᠭ᠎ᠠ ᠨᠢ ᠬᠤᠶᠠᠷ ᠲᠠᠯ᠎ᠠ ᠪᠠᠷ ᠢᠶᠠᠨ ᠤᠷᠢᠳᠴᠢᠯᠠᠨ | ᠦᠢᠯᠡᠳᠦᠭᠰᠡᠨ ᠢᠳᠡᠭᠡᠨ᠂ ᠯᠠᠵᠤᠤ ᠶᠢᠨ ᠪᠦᠲᠦᠭᠡᠭᠳᠡᠬᠦᠨ ᠵᠢᠴᠢ ᠦᠬᠡᠷ ᠤᠨ ᠮᠢᠬᠠᠨ ᠤ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠬᠦ ᠲᠦᠷᠦᠯ ᠵᠦᠢᠯ ᠤᠨ ᠲᠣᠭᠤᠷᠢᠨ ᠳᠤ ᠭᠦᠨᠵᠡᠭᠡᠢ ᠨᠠᠷᠢᠨ ᠨᠢᠭᠲᠠ ᠰᠣᠯᠢᠯᠴᠠᠭᠰᠠᠨ | ᠪᠥᠭᠡᠳ ᠬᠠᠮᠲᠤᠷᠠᠯᠴᠠᠭᠠᠨ ᠤ ᠰᠠᠨᠠᠮᠵᠢ ᠲᠤᠬᠢᠷᠠᠯᠴᠠᠵᠠᠢ᠃ ᠬᠤᠷᠠᠯ ᠤᠨ ᠲᠠᠷᠠᠭ᠎ᠠ᠂ ᠴᠢᠦ ᠵᠢᠶᠦ᠋ᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠪᠢᠴᠢᠭ ᠲᠤ ᠭᠠᠷ ᠤᠨ | ᠦᠰᠦᠭ ᠵᠢᠷᠤᠪᠠ᠃ | |