ᠨᠡᠶᠢᠲᠡᠯᠡᠭᠰᠡᠨ ᠴᠠᠭ᠄ 2025/1/16 | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠬᠤᠷᠢᠶ᠎ᠠ 1 ᠰᠠᠷ᠎ᠠ ᠶᠢᠨ 9 ᠤ ᠡᠳᠦᠷ ᠪᠦᠬᠦᠯᠢ ᠡᠳᠦᠷ ᠢᠶᠠᠷ ᠬᠤᠷᠠᠯ ᠬᠤᠷᠠᠯᠳᠤᠭᠤᠯᠵᠤ ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠂ | ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ | ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ ᠃ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ | ᠶᠠᠷᠢᠶ᠎ᠠ ᠲᠠᠯᠪᠢᠵᠠᠢ ᠃ | ᠬᠤᠷᠠᠯ ᠠᠴᠠ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠮᠠᠨ ᠤ ᠬᠠᠮᠤᠭ ᠤᠨ ᠶᠡᠭᠡ ᠤᠯᠤᠰ | ᠲᠦᠷᠦ ᠶᠢᠨ ᠳᠠᠪᠠᠭᠤᠯᠢᠭ ᠮᠥᠨ ᠃ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠬᠤ ᠪᠣᠯ ᠪᠢᠳᠡᠨ ᠤ ᠲᠠᠰᠤᠷᠠᠯᠳᠠ ᠦᠭᠡᠢ ᠢᠯᠠᠯᠲᠠ ᠣᠯᠬᠤ ᠶᠢᠨ ᠦᠨᠳᠦᠰᠦᠨ ᠵᠦᠢᠯ ᠮᠥᠨ ᠃ ᠨᠠᠮ ᠤᠨ ᠲᠥᠪ | ᠬᠤᠷᠢᠶ᠎ᠠ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ | ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠠᠷᠠᠳ ᠤᠨ ᠳᠡᠭᠡᠳᠦ ᠰᠢᠭᠦᠬᠦ | ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ | ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠬᠤ ᠪᠣᠯ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠮᠥᠨ ᠃ ᠡᠨᠡ ᠬᠦ ᠴᠢᠬᠤᠯᠠ | ᠳᠦᠷᠢᠮ ᠤᠨ ᠲᠣᠬᠢᠷᠠᠭᠤᠯᠤᠯᠲᠠ ᠨᠢ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠂ ᠡᠯ᠎ᠡ ᠲᠠᠯ᠎ᠠ ᠶᠢ ᠵᠣᠬᠢᠴᠠᠭᠤᠯᠬᠤ | ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠨᠠᠮ ᠤᠨ ᠤᠳᠤᠷᠢᠳᠤᠯᠭ᠎ᠠ ᠶᠢ ᠨᠠᠮ ᠪᠠ | ᠤᠯᠤᠰ ᠣᠷᠣᠨ ᠤ ᠠᠵᠢᠯ ᠦᠢᠯᠡᠰ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ ᠂ | ᠬᠠᠷᠠᠯᠲᠠ ᠪᠠᠨ ᠨᠢᠭᠡᠳᠬᠡᠬᠦ ᠂ ᠠᠯᠬᠤᠮ ᠢᠶᠠᠨ ᠨᠢᠭᠡᠳᠬᠡᠬᠦ ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠦᠨᠡᠨ ᠬᠦ | ᠪᠠᠲᠤᠯᠠᠬᠤ ᠳᠤ ᠲᠤᠶᠢᠯ ᠤᠨ ᠴᠢᠬᠤᠯᠠᠲᠠᠢ ᠪᠠᠶᠢᠵᠤ ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ | ᠭᠡᠳᠡᠭ ᠢ ᠦᠢᠯᠡᠳᠦᠯᠭᠡ ᠭᠡᠷᠡᠴᠢᠯᠡᠪᠡ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠥᠩᠭᠡᠷᠡᠭᠰᠡᠨ ᠨᠢᠭᠡ ᠵᠢᠯ ᠳᠤ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠲᠥᠪ ᠬᠤᠷᠢᠶ᠎ᠠ ᠶᠢᠨ | ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠣᠳᠠᠲᠠᠢ ᠠᠵᠢᠯᠯᠠᠬᠤ ᠶᠢ ᠲᠡᠷᠢᠭᠦᠨ ᠳᠤ | ᠲᠠᠯᠪᠢᠬᠤ ᠤᠳᠤᠷᠢᠳᠤᠮᠵᠢ ᠶᠢ ᠪᠠᠲᠤ ᠪᠤᠢ ᠪᠤᠯᠭᠠᠵᠤ ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ ᠂ ᠲᠤᠰᠢᠶᠠᠯ | ᠬᠠᠷᠢᠭᠤᠴᠠᠯᠭ᠎ᠠ ᠪᠠᠨ ᠪᠠᠲᠤᠳᠬᠠᠵᠤ ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠶᠢ | ᠴᠢᠩᠭᠠᠳᠬᠠᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ ᠂ ᠡᠯ᠎ᠡ ᠲᠠᠯ᠎ᠠ ᠶᠢᠨ ᠠᠵᠢᠯ ᠳᠤ ᠰᠢᠨ᠎ᠡ ᠠᠬᠢᠴᠠ ᠲᠠᠢ ᠪᠣᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠶᠡᠭᠡ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠦᠵᠡᠪᠡ ᠃ | | ᠬᠤᠷᠠᠯ ᠠᠴᠠ ᠂ ᠥᠩᠭᠡᠷᠡᠭᠰᠡᠨ ᠨᠢᠭᠡ ᠵᠢᠯ ᠳᠤ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ | ᠳᠣᠣᠷ᠎ᠠ ᠲᠥᠪ ᠤᠨ ᠱᠦᠵᠢ ᠨᠠᠷ ᠤᠨ ᠭᠠᠵᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠢᠳᠡᠪᠬᠢᠲᠡᠢ ᠠᠵᠢᠯᠯᠠᠵᠤ ᠂ | ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠪᠠᠶᠢᠭᠤᠯᠤᠯᠲᠠ ᠶᠢ | ᠴᠢᠩᠭᠠᠳᠬᠠᠬᠤ ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠥᠭᠡᠷᠡᠴᠢᠯᠡᠯᠲᠡ ᠶᠢ | ᠵᠢᠯᠤᠭᠤᠳᠬᠤ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ | ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠡᠢ ᠭᠡᠵᠦ ᠦᠵᠡᠪᠡ ᠃ | ᠬᠤᠷᠠᠯ ᠠᠴᠠ ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠰᠢᠪᠲᠤᠷᠠᠭᠠᠨ ᠤ ᠣᠨ ᠮᠥᠨ ᠂ ᠪᠠᠰᠠ ᠴᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ | ᠮᠥᠨ ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ | ᠲᠥᠷᠥ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠂ ᠠᠷᠠᠳ ᠤᠨ ᠳᠡᠭᠡᠳᠦ ᠰᠢᠭᠦᠬᠦ | ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠢ ᠪᠠᠷᠢᠮᠲᠠᠯᠠᠵᠤ ᠂ ᠠᠵᠢᠯ ᠤᠨ | ᠠᠮᠵᠢᠯᠲᠠ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ ᠂ ᠰᠢᠷᠭᠠᠭᠤ ᠬᠠᠲᠠᠭᠤᠵᠢᠯᠲᠠᠢ | ᠠᠵᠢᠯᠯᠠᠬᠤ ᠶᠢ ᠪᠠᠷᠢᠮᠲᠠᠯᠠᠵᠤ ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠂ | ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ | ᠠᠬᠢᠭᠤᠯᠬᠤ ᠰᠢᠨ᠎ᠡ ᠠᠶᠠᠨ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ | ᠴᠢᠬᠤᠯᠠᠴᠢᠯᠠᠪᠠ ᠃ | ᠬᠤᠷᠠᠯ ᠠᠴᠠ ᠂ ᠰᠢᠨ᠎ᠡ ᠨᠢᠭᠡ ᠵᠢᠯ ᠳᠤ ᠂ ᠲᠥᠪ ᠤᠨ ᠱᠦᠵᠢ ᠨᠠᠷ ᠤᠨ ᠭᠠᠵᠠᠷ ᠤᠨ ᠬᠢᠨ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠤᠰ ᠪᠡᠶ᠎ᠡ ᠶᠢᠨ ᠡᠭᠦᠷᠭᠡ | ᠬᠠᠷᠢᠭᠤᠴᠠᠯᠭ᠎ᠠ ᠳᠠᠭᠠᠨ ᠰᠠᠭᠤᠷᠢᠯᠠᠵᠤ ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠂ ᠨᠠᠮ ᠤᠨ | ᠳᠣᠲᠣᠭᠠᠳᠤ ᠶᠢᠨ ᠬᠠᠤᠯᠢ ᠳᠦᠷᠢᠮ ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ | ᠪᠣᠯᠣᠨ ᠥᠭᠡᠷᠡᠴᠢᠯᠡᠯᠲᠡ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭ᠎ᠠ ᠴᠢᠩᠭᠠᠳᠬᠠᠵᠤ ᠂ ᠨᠠᠮ ᠤᠨ ᠲᠥᠪ ᠬᠤᠷᠢᠶ᠎ᠠ ᠶᠢᠨ ᠲᠤᠰᠢᠶᠠᠭᠰᠠᠨ ᠡᠯ᠎ᠡ ᠵᠦᠢᠯ ᠤᠨ | ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | |