ᠣᠳᠣᠬᠠᠨ ᠳᠤ ᠣᠯᠠᠩᠬᠢ ᠭᠡᠷ ᠪᠦᠯᠢ ᠨᠢ ᠪᠦᠷ ᠭᠠᠭᠴᠠ ᠪᠤᠶᠤ ᠬᠤᠶᠠᠷᠬᠠᠨ ᠬᠡᠦᠬᠡᠳ ᠲᠠᠢ ᠪᠠᠶᠢᠳᠠᠭ᠃ ᠡᠶᠢᠨ ᠬᠦ᠂ | ᠵᠠᠷᠢᠮ ᠭᠡᠷ ᠤᠨ ᠠᠬᠠᠮᠠᠳ ᠬᠡᠦᠬᠡᠳ ᠢᠶᠠᠨ ᠭᠡᠲᠦ ᠡᠩᠬᠦᠷᠡᠶᠢᠯᠡᠨ ᠬᠠᠶᠢᠷᠠᠯᠠᠭᠠᠳ ᠶᠠᠭᠤ ᠶᠢ ᠨᠢ ᠪᠦᠷ ᠣᠷᠣᠯᠠᠭᠤᠯᠤᠨ | ᠬᠢᠵᠦ ᠦᠭᠲᠡᠭ ᠪᠣᠯᠪᠠ᠃ ᠡᠭᠦᠨ ᠠᠴᠠ ᠪᠣᠯᠵᠤ ᠵᠠᠷᠢᠮ ᠬᠡᠦᠬᠡᠳ ᠪᠠᠭ᠎ᠠ ᠰᠤᠷᠭᠠᠭᠤᠯᠢ ᠳᠤ ᠣᠷᠣᠭᠰᠠᠨ ᠪᠠᠶᠢᠲᠠᠯ᠎ᠠ ᠪᠠᠨ | ᠬᠤᠪᠴᠠᠰᠤ ᠬᠤᠨᠠᠷ ᠢᠶᠠᠨ ᠡᠮᠦᠰᠴᠦ ᠴᠢᠳᠠᠬᠤ ᠦᠭᠡᠢ᠂ ᠪᠢᠴᠢᠭ ᠤᠨ ᠬᠡᠷᠡᠭᠰᠡᠯ ᠳᠡᠭᠡᠨ ᠴᠤ ᠡᠵᠡᠨ ᠪᠣᠯᠵᠤ ᠴᠢᠳᠠᠬᠤ | ᠦᠭᠡᠢ ᠪᠠᠶᠢᠳᠠᠭ᠃ ᠡᠨᠡ ᠨᠢ ᠬᠡᠦᠬᠡᠳ ᠤᠨ ᠠᠰᠠᠭᠤᠳᠠᠯ ᠪᠢᠰᠢ᠂ ᠬᠠᠷᠢᠨ ᠭᠡᠷ ᠤᠨ ᠠᠬᠠᠮᠠᠳ ᠬᠡᠦᠬᠡᠳ ᠢᠶᠠᠨ ᠭᠡᠲᠦ ︽ | ᠬᠠᠶᠢᠷᠠᠯᠠᠭᠰᠠᠨ︾ ᠠᠴᠠ ᠪᠣᠯᠤᠭᠰᠠᠨ ᠶᠠᠪᠤᠳᠠᠯ ᠪᠢᠯᠡ᠃ | ᠡᠵᠢ ᠠᠪᠤ ᠪᠣᠯᠣᠭᠰᠠᠳ ᠬᠡᠦᠬᠡᠳ ᠢᠶᠠᠨ ᠬᠠᠶᠢᠷᠠᠯᠠᠵᠤ ᠬᠠᠮᠠᠭᠠᠯᠠᠳᠠᠭ ᠨᠢ ᠬᠤᠷᠸ᠎ᠠ ᠶᠢᠷᠲᠢᠨᠴᠦ ᠶᠢᠨ ᠵᠢᠮ᠎ᠡ ᠶᠣᠰᠣ | ᠪᠤᠯᠡᠢ᠃ ᠭᠡᠲᠡᠯ᠎ᠡ᠂ ᠭᠡᠷ ᠤᠨ ᠠᠬᠠᠮᠠᠳ ᠪᠣᠯᠣᠭᠰᠠᠳ ᠬᠡᠦᠬᠡᠳ ᠢ ᠬᠠᠷᠠᠬᠠᠨ ᠪᠠᠭ᠎ᠠ ᠠᠴᠠ ᠨᠢ ᠠᠵᠢᠯ ᠭᠦᠳᠡᠯᠮᠦᠷᠢ ᠳᠤ | ᠳᠠᠰᠬᠠᠬᠤ ᠦᠭᠡᠢ᠂ ᠣᠷᠤᠯᠴᠠᠭᠤᠯᠬᠤ ᠦᠭᠡᠢ ᠪᠣᠯ ᠲᠡᠳᠡ ᠬᠤᠵᠢᠮ ᠡᠳᠦᠷ ᠬᠦᠴᠢᠷ ᠲᠤᠯᠭᠠᠷᠠᠪᠠᠯ ᠬᠤᠶᠢᠰᠢ | ᠤᠬᠤᠷᠢᠬᠤ᠂ ᠬᠡᠨ ᠬᠥᠮᠥᠨ ᠢ ᠴᠤ ᠬᠠᠯᠠᠮᠵᠢᠯᠠᠬᠤ ᠶᠢ ᠮᠡᠳᠡᠬᠦ ᠦᠭᠡᠢ᠂ ᠠᠵᠢᠯ ᠳᠠᠭᠠᠨ ᠠᠯᠠᠩ ᠰᠠᠯᠠᠩ᠂ | ᠰᠤᠷᠤᠯᠭ᠎ᠠ ᠳᠠᠭᠠᠨ ᠰᠤᠯᠠ ᠵᠠᠳᠠᠭᠠᠢ᠂ ᠠᠯᠵᠠᠭᠤ ᠬᠤᠶᠢᠷᠭᠤ᠂ ᠠᠮᠢᠨᠴᠢᠷ ᠬᠤᠪᠢᠨᠴᠢᠷ᠂ ᠬᠡᠷᠡᠭ ᠪᠦᠭᠦᠨ ᠠᠴᠠ ᠵᠠᠶᠢᠯᠠᠳᠠᠭ | ᠬᠥᠮᠥᠨ ᠪᠣᠯᠣᠨ ᠬᠥᠮᠥᠵᠢᠭᠳᠡᠬᠦ ᠮᠠᠭᠠᠳ᠃ | ᠭᠦᠳᠡᠯᠮᠦᠷᠢ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠠᠮᠢᠳᠤᠷᠠᠯ ᠤᠨ ᠪᠠᠲᠤ ᠰᠠᠭᠤᠷᠢ ᠮᠥᠨ ; ᠮᠥᠨ | ᠴᠦ ᠬᠥᠮᠥᠨ ᠤ ᠠᠮᠢᠳᠤᠷᠠᠯ ᠤᠨ ᠵᠣᠯ ᠵᠢᠷᠭᠠᠯ ᠤᠨ ᠡᠬᠢ ᠰᠣᠷᠪᠤᠯᠵᠢ ᠮᠥᠨ᠃ ᠳᠣᠣᠷ᠎ᠠ ᠪᠢ ᠬᠡᠦᠬᠡᠳ ᠲᠤ | ᠭᠦᠳᠡᠯᠮᠦᠷᠢ ᠶᠢᠨ ᠬᠥᠮᠦᠵᠢᠯ ᠬᠢᠬᠦ ᠲᠤᠬᠠᠢ ᠥᠪᠡᠷ ᠤᠨ ᠦᠵᠡᠯᠲᠡ ᠪᠠᠨ ᠲᠠ ᠤᠯᠡᠨ ᠲᠠᠢ ᠪᠠᠨ ᠬᠤᠪᠢᠶᠠᠯᠴᠠᠶ᠎ᠠ᠃ | ᠪᠡᠶ᠎ᠡ ᠰᠡᠳᠬᠢᠴᠡ ᠶᠢᠨ ᠵᠥᠪ ᠵᠢᠯᠣᠭᠤᠳᠤᠯᠭ᠎ᠠ ᠬᠢᠨ᠎ᠡ | ᠪᠢᠴᠢᠬᠠᠨ ᠬᠡᠦᠬᠡᠳ ᠬᠤᠭᠤᠷᠣᠨᠳᠤ ᠪᠠᠨ ᠠᠳᠠᠯᠢᠳᠬᠠᠬᠤ ᠰᠡᠳᠬᠢᠯ ᠨᠢ ᠲᠤᠩ ᠴᠢᠩᠭ᠎ᠠ ᠪᠠᠶᠢᠵᠤ᠂ ᠪᠠᠷᠤᠭ ᠡᠳᠦᠷ | ᠪᠦᠷᠢ ᠤᠴᠢᠷ ᠪᠣᠯᠭᠠᠨ ᠳᠤ ︽ᠪᠢ ᠥᠨᠥᠳᠥᠷ ᠰᠢᠨ᠎ᠡ ᠬᠤᠪᠴᠠᠰᠤ ᠬᠤᠨᠠᠷ ᠡᠮᠦᠰᠦᠭᠰᠡᠨ︾᠂ ︽ᠭᠡᠷ ᠠᠴᠠ ᠪᠠᠨ | ᠠᠯᠢᠮ᠎ᠠ ᠵᠢᠮᠢᠰ ᠠᠪᠴᠢᠷᠠᠭᠰᠠᠨ︾᠂ ︽ᠨᠠᠭᠠᠳᠬᠤ ᠶᠠᠭᠤᠮ᠎ᠠ ᠠᠪᠴᠢᠷᠠᠭᠰᠠᠨ︾ ᠁ ᠭᠡᠬᠦ ᠣᠯᠠᠨ ᠲᠠᠯ᠎ᠠ ᠪᠠᠷ | ᠠᠳᠠᠯᠢᠳᠬᠠᠯ ᠬᠢᠵᠦ ᠥᠷᠢᠰᠦᠯᠳᠦᠬᠦ ᠮᠠᠭᠠᠳ⁉ ᠡᠶᠢᠮᠦ ᠪᠠᠶᠢᠳᠠᠯ ᠳᠣᠣᠷ᠎ᠠ᠂ ᠪᠠᠭᠰᠢ ᠪᠣᠯᠣᠨ ᠭᠡᠷ ᠤᠨ ᠠᠬᠠᠮᠠᠳ | ᠪᠣᠯᠣᠭᠰᠠᠳ ᠡᠶᠢᠮᠦᠷᠬᠦᠦ ᠠᠳᠠᠯᠢᠳᠬᠠᠯ ᠢ ᠵᠥᠪ ᠣᠨᠤᠪᠴᠢᠲᠠᠢ ᠪᠠᠷ ᠵᠢᠭᠠᠨ ᠵᠢᠯᠤᠭᠤᠳᠴᠤ ᠰᠠᠨᠠᠭᠠᠴᠢᠯᠠᠭ᠎ᠠ ᠲᠠᠢ ᠪᠠᠷ | ᠡᠷᠡᠭᠦᠯ ᠰᠠᠷᠠᠭᠤᠯ ᠮᠥᠷᠥᠶᠢᠴᠡᠭᠡᠨ ᠢ ᠥᠷᠨᠢᠭᠦᠯᠦᠨ᠂ ᠲᠡᠳᠡᠨ ᠳᠤ ᠶᠠᠭᠤ ᠪᠠᠨ ᠠᠳᠠᠯᠢᠳᠬᠠᠪᠠᠯ ᠰᠠᠶᠢᠨ᠂ ᠠᠯᠢ | ᠲᠠᠯ᠎ᠠ ᠪᠠᠷ ᠤᠷᠤᠯᠳᠤᠭᠠᠨ ᠬᠢᠪᠡᠯ ᠰᠠᠶᠢᠨ ᠭᠡᠳᠡᠭ ᠢ ᠵᠥᠪ ᠲᠠᠯ᠎ᠠ ᠠᠴᠠ ᠵᠢᠭᠠᠨ ᠵᠢᠯᠤᠭᠤᠳᠴᠤ᠂ ᠬᠡᠦᠬᠡᠳ ᠤᠨ | ᠬᠥᠮᠥᠨ ᠴᠢᠨᠠᠷ ᠢ ᠭᠦᠨᠳᠦᠳᠭᠡᠵᠦ᠂ ᠬᠡᠯᠡᠵᠦ ᠰᠤᠷᠭᠠᠬᠤ ᠠᠷᠭ᠎ᠠ ᠮᠠᠶ᠋ᠢᠭ ᠪᠠ ᠣᠪᠣᠷ ᠰᠤᠷᠲᠠᠯ ᠢᠶᠠᠨ ᠵᠦᠢ ᠵᠣᠬᠢᠰᠲᠠᠢ | ᠪᠠᠶᠢᠯᠭᠠᠬᠤ ᠬᠡᠷᠡᠭᠲᠡᠢ᠃ ᠨᠡᠩ ᠭᠡᠷ ᠤᠨ ᠠᠬᠠᠮᠠᠳ ᠠᠴᠠ ᠬᠡᠦᠬᠡᠳ ᠢᠶᠠᠨ ᠬᠥᠲᠥᠯᠵᠦ ᠭᠦᠳᠡᠯᠮᠦᠷᠢ ᠦᠢᠯᠡᠳᠦᠯᠭᠡ ᠳᠤ | ᠢᠯᠡᠭᠦᠬᠡᠨ ᠣᠷᠣᠯᠴᠠᠭᠤᠯᠵᠤ ᠰᠤᠷᠭᠠᠬᠤ ᠨᠢ ᠲᠡᠳᠡᠨ ᠤ ᠪᠡᠶ᠎ᠡ ᠪᠠᠨ ᠳᠠᠭᠠᠭᠠᠬᠤ ᠴᠢᠳᠠᠪᠤᠷᠢ ᠶᠢ ᠢᠳᠡᠭ ᠢᠳᠡᠭ ᠢᠶᠠᠷ | ᠳᠡᠭᠡᠭᠰᠢᠯᠡᠭᠦᠯᠭᠦ ᠶᠢᠨ ᠬᠠᠮᠲᠤ ᠪᠤᠰᠤᠳ ᠢ ᠬᠠᠯᠠᠮᠵᠢᠯᠠᠬᠤ᠂ ᠪᠤᠰᠤᠳ ᠤᠨ ᠲᠥᠯᠥᠭᠡ ᠪᠣᠳᠣᠯᠬᠢᠯᠠᠬᠤ ᠰᠡᠳᠬᠢᠯᠭᠡ ᠶᠢ | ᠪᠤᠢ ᠪᠤᠯᠭᠠᠵᠤ ᠴᠢᠳᠠᠨ᠎ᠠ᠃ | ᠬᠢᠷᠢ ᠴᠢᠳᠠᠯ ᠳᠤᠨᠢ ᠲᠣᠬᠢᠷᠠᠭᠰᠠᠨ ᠠᠵᠢᠯ ᠳᠤ ᠣᠷᠣᠯᠴᠠᠭᠤᠯᠤᠨ᠎ᠠ | ᠭᠡᠷ ᠤᠨ ᠠᠬᠠᠮᠠᠳ ᠬᠡᠦᠬᠡᠳ ᠲᠡᠭᠡᠨ ᠬᠢᠷᠢ ᠴᠢᠳᠠᠯ ᠳᠤᠨᠢ ᠲᠣᠬᠢᠷᠠᠭᠰᠠᠨ︽ᠶᠠᠮᠠᠷ ᠶᠠᠮᠠᠷ ᠠᠵᠢᠯ ᠢ ᠬᠢᠭᠡᠳ ᠢᠷ᠎ᠡ︕ | ︾ ᠭᠡᠬᠦ ᠡᠭᠦᠷᠭᠡ ᠲᠤᠰᠢᠶᠠᠭᠰᠠᠨ ᠪᠠᠶᠢᠬᠤ ᠬᠡᠷᠡᠭᠲᠡᠢ᠃ ᠵᠢᠱᠢᠶᠡᠯᠡᠪᠡᠯ᠄ ᠭᠡᠷ ᠵᠠᠭᠤᠷ᠎ᠠ ᠪᠠᠨ ᠠᠪᠤ ᠡᠵᠢ ᠪᠠᠨ ᠬᠠᠪᠰᠤᠷᠬᠤ᠂ | ᠬᠤᠭᠤᠯᠡ ᠪᠤᠳᠠᠭ᠎ᠠ ᠪᠡᠯᠡᠳᠬᠡᠬᠦ᠂ ᠬᠤᠪᠴᠠᠰᠤ ᠬᠤᠨᠠᠷ ᠤᠬᠢᠶᠠᠬᠤ᠂ ᠴᠡᠴᠡᠭ ᠬᠤᠸᠠᠷ ᠤᠰᠤᠯᠠᠬᠤ᠂ ᠠᠪᠳᠠᠷ᠎ᠠ ᠬᠤᠷᠭᠤ | ᠰᠢᠷᠡᠭᠡ ᠰᠠᠨᠳᠠᠯᠢ ᠵᠦᠯᠭᠦᠵᠦ ᠠᠷᠴᠢᠬᠤ ᠵᠡᠷᠭᠡ ᠠᠷᠰᠠᠷ ᠠᠵᠢᠯ ᠢ ᠦᠷᠭᠦᠯᠵᠢ ᠶᠢᠨ ᠴᠢᠨᠠᠷᠲᠠᠢ ᠭᠢᠯᠭᠡᠵᠤ ᠰᠤᠷᠭᠠᠨ᠎ᠠ᠃ | ᠡᠭᠦᠨ ᠤ ᠳᠠᠭᠠᠤ ᠲᠡᠳᠡᠨ ᠤ ᠡᠳᠦᠷ ᠪᠦᠷᠢ ᠶᠢᠨ ᠠᠵᠢᠯ ᠰᠤᠷᠤᠯᠴᠠᠯᠭ᠎ᠠ ᠳᠤ ᠴᠠᠭ ᠢᠮᠠᠭᠲᠠ ᠪᠠᠶᠢᠴᠠᠭᠠᠯᠲᠠ ᠬᠢᠵᠦ᠂ | ᠠᠯᠳᠠᠭ᠎ᠠ ᠳᠤᠲᠠᠭᠳᠠᠯ ᠢ ᠨᠢ ᠴᠠᠭ ᠲᠤᠬᠠᠢ ᠳᠤᠨᠢ ᠵᠥᠪ ᠢᠶᠠᠷ ᠵᠠᠯᠠᠷᠠᠭᠤᠯᠤᠨ᠂ ᠲᠥᠪ ᠴᠢᠩᠭ᠎ᠠ ᠣᠪᠣᠷ ᠢᠶᠠᠷ ᠬᠠᠨᠳᠤᠵᠤ | ᠂ ᠬᠦᠯᠢᠴᠡᠩᠭᠦᠢ ᠤᠳᠠᠭᠠᠨ ᠳᠠᠭᠠᠭᠠᠮᠠᠭᠠᠢ ᠬᠠᠯᠠᠭᠤᠮᠰᠤᠭ ᠢᠶᠠᠷ ᠰᠤᠷᠭᠠᠵᠤ ᠵᠣᠷᠢᠭᠵᠢᠭᠤᠯᠤᠨ᠂ ᠰᠠᠶᠢᠨ ᠲᠠᠯ᠎ᠠ ᠶᠢ ᠨᠢ | ᠰᠠᠶᠢᠰᠢᠶᠠᠵᠤ᠂ ᠭᠦᠢᠴᠡᠳ ᠦᠭᠡᠢ ᠲᠠᠯ᠎ᠠ ᠶᠢ ᠨᠢ ᠨᠥᠬᠦᠪᠦᠷᠢᠯᠡᠨ ᠥᠭᠬᠦ ᠬᠡᠷᠡᠭᠲᠡᠢ᠃ ᠬᠡᠦᠬᠡᠳ ᠭᠡᠷ ᠤᠨ ᠠᠷᠰᠠᠷ | ᠠᠵᠢᠯ ᠢ ᠬᠢᠭᠡᠳ ᠯᠡ ᠪᠠᠶᠢᠪᠠᠯ ᠥᠪᠡᠷ ᠤᠨ ᠬᠢᠵᠦ ᠴᠢᠳᠠᠬᠤ ᠠᠵᠢᠯ ᠳᠠᠭᠠᠨ ᠬᠠᠷᠢᠭᠤᠴᠠᠯᠭ᠎ᠠ ᠲᠠᠢ ᠪᠣᠯᠵᠤ᠂ | ᠤᠳᠠᠭᠠᠨ ᠳᠠᠭᠠᠨ ᠰᠤᠷᠭᠠᠭᠤᠯᠢ ᠲᠠᠷᠬᠠᠭᠠᠳ ᠭᠡᠷ ᠲᠡᠭᠡᠨ ᠢᠷᠡᠩᠭᠦᠲᠡ ᠰᠠᠶᠢᠨ ᠳᠤᠷ᠎ᠠ ᠠᠴᠠ ᠪᠠᠨ ᠠᠵᠢᠯ | ᠭᠦᠳᠡᠯᠮᠦᠷᠢ ᠳᠤ ᠣᠷᠤᠯᠴᠠᠬᠤ ᠰᠠᠶᠢᠨ ᠰᠠᠶᠢᠬᠠᠨ ᠳᠠᠳᠬᠠᠯ ᠲᠠᠢ ᠪᠤᠯᠲᠠᠬ᠃ | ᠭᠦᠳᠡᠯᠮᠦᠷᠢ ᠦᠢᠯᠡᠳᠦᠯᠭᠡ ᠳᠤ ᠦᠷᠭᠦᠯᠵᠢ ᠶᠢᠨ ᠴᠢᠨᠠᠷᠲᠠᠢ ᠣᠷᠣᠯᠴᠠᠭᠤᠯᠤᠨ᠎ᠠ | ᠠᠳᠠᠯᠢ ᠨᠠᠰᠤᠨ ᠤ ᠬᠡᠦᠬᠡᠳ ᠲᠤ ᠠᠳᠠᠯᠢ ᠪᠤᠰᠤ ᠶᠢᠨ ᠠᠯᠪᠠᠨ ᠵᠢᠷᠤᠮ ᠤᠨ ᠴᠢᠨᠠᠷᠲᠠᠢ ᠭᠦᠳᠡᠯᠮᠦᠷᠢ ᠶᠢ | ᠲᠣᠬᠢᠷᠠᠭᠤᠯᠵᠤ ᠲᠣᠭᠲᠠᠭᠰᠠᠨ ᠴᠠᠭ ᠲᠤ ᠭᠢᠯᠭᠡᠵᠦ ᠪᠣᠯᠪᠠᠰᠤᠷᠠᠭᠤᠯᠤᠨ ᠰᠤᠷᠭᠠᠬᠤ ᠬᠡᠷᠡᠭᠲᠡᠢ᠃ ᠵᠢᠱᠢᠶᠡᠯᠡᠪᠡᠯ᠄ | ᠨᠡᠶᠢᠭᠡᠮ ᠤᠨ ᠵᠠᠷᠢᠮ ᠠᠯᠪᠠᠨ ᠪᠠᠶᠢᠭᠤᠯᠭ᠎ᠠ ᠳᠤ ᠬᠦᠷᠴᠦ ᠴᠡᠪᠡᠷᠯᠡᠭᠡ ᠬᠢᠬᠦ ᠡᠰᠡᠬᠦᠯ᠎ᠡ ᠰᠤᠷᠭᠠᠭᠤᠯᠢ ᠶᠢᠨ | ᠬᠦᠷᠢᠶᠡᠨ ᠳᠠᠬᠢ ᠠᠩᠭᠢ ᠨᠠᠶᠢᠲᠡ ᠶᠢᠨ ᠢᠶᠠᠨ ᠬᠤᠪᠢᠶᠠᠵᠤ ᠣᠯᠣᠭᠰᠠᠨ ᠣᠷᠴᠢᠨ ᠲᠣᠭᠤᠷᠢᠨ ᠢᠶᠠᠨ ᠴᠡᠪᠡᠷᠯᠡᠬᠦ᠂ | ᠠᠩᠭᠢ ᠶᠢᠨ ᠭᠡᠷ ᠲᠡᠭᠡᠨ ᠵᠢᠵᠢᠭᠦᠷᠯᠡᠬᠦ ᠵᠡᠷᠭᠡ ᠠᠵᠢᠯ ᠢ ᠠᠩᠭᠢ ᠨᠢᠭᠡᠴᠢ ᠳᠤ ᠳᠠᠭᠠᠭᠠᠴᠢᠯᠠᠨ ᠥᠭᠴᠦ ᠬᠢᠯᠭᠡᠬᠦ | ᠴᠢᠬᠤᠯᠠ ᠲᠠᠢ᠃ ᠬᠡᠦᠬᠡᠳ ᠲᠤ ᠭᠡᠷ ᠪᠦᠯᠢ ᠪᠠ ᠰᠤᠷᠭᠠᠭᠤᠯᠢ᠂ ᠴᠢᠨᠠᠭᠰᠢᠯᠠᠭᠠᠳ ᠬᠠᠮᠲᠤ ᠨᠡᠶᠢᠲᠡ ᠶᠢᠨ ᠭᠦᠲᠡᠯᠮᠤᠷᠢ | ᠦᠢᠯᠡᠳᠦᠯᠭᠡ ᠳᠤ ᠣᠷᠤᠯᠴᠠᠬᠤ ᠪᠠᠷ ᠲᠡᠮᠵᠢᠨ᠂ ᠶᠢᠷᠲᠢᠨᠴᠦ ᠶᠢᠨ ᠪᠤᠢ ᠪᠦᠬᠦᠢ ᠶᠠᠪᠤᠳᠠᠯ ᠨᠢ ᠴᠥᠮ ᠬᠠᠷᠢᠯᠴᠠᠨ | ᠬᠠᠪᠰᠤᠷᠤᠯᠴᠠᠬᠤ᠂ ᠬᠠᠷᠢᠯᠴᠠᠨ ᠠᠵᠢᠯᠯᠠᠬᠤ᠂ ᠬᠠᠷᠢᠯᠴᠠᠨ ᠬᠠᠯᠠᠮᠵᠢᠯᠠᠬᠤ ᠦᠷ᠎ᠡ ᠳ᠋ᠦᠩ ᠠᠴᠠ ᠢᠷᠡᠳᠡᠭ ᠭᠡᠰᠡᠨ | ᠬᠥᠳᠡᠯᠮᠦᠷᠢᠯᠡᠬᠦ ᠶᠢᠨ ᠬᠠᠯᠠᠭᠤᠨ ᠵᠣᠷᠢᠭ ᠪᠠ ᠬᠠᠪᠤ ᠴᠡᠩᠭᠡᠯ ᠢ ᠮᠡᠳᠡᠭᠦᠯᠬᠦ ᠬᠡᠷᠡᠭᠲᠡᠢ᠃ | ᠭᠦᠳᠡᠯᠮᠦᠷᠢ ᠨᠢ ᠬᠡᠦᠬᠡᠳ ᠤᠨ ᠲᠣᠰ ᠪᠡᠶ᠎ᠡ ᠶᠢᠨ ᠥᠰᠦᠯᠲᠡ ᠪᠤᠶᠢᠵᠢᠯᠲᠠ ᠶᠢ ᠵᠣᠬᠢᠴᠠᠭᠤᠯᠬᠤ ᠦᠢᠯᠡᠳᠦᠯ | ᠭᠠᠷᠭᠠᠬᠤ ᠮᠥᠷᠲᠡᠭᠡᠨ ᠨᠠᠭᠠᠳᠤᠮ ᠲᠣᠭᠯᠠᠭᠠᠮ ᠤᠨ ᠬᠦᠷᠦᠯᠴᠡᠬᠦ ᠦᠭᠡᠢ ᠲᠠᠯ᠎ᠠ ᠶᠢ ᠨᠥᠬᠦᠪᠦᠷᠢᠯᠡᠨ ᠴᠢᠳᠠᠳᠠᠭ᠄ | ᠭᠦᠳᠡᠯᠮᠦᠷᠢ ᠨᠢ ᠬᠡᠦᠬᠡᠳ ᠤᠨ ᠰᠡᠳᠬᠢᠯ ᠳᠤ ᠤᠳᠬ᠎ᠠ ᠠᠭᠤᠯᠭ᠎ᠠ ᠲᠠᠢ ᠡᠷᠭᠢᠴᠡᠭᠦᠯᠦᠯ ᠪᠤᠯᠬᠤ ᠪᠥᠭᠡᠳ ᠪᠠᠰᠠ | ᠠᠯᠢᠪᠠ ᠰᠠᠶᠢᠨ ᠰᠠᠶᠢᠬᠠᠨ ᠵᠦᠢᠯᠡᠰ ᠢ ᠬᠠᠶᠢᠷᠠᠯᠠᠬᠤ ᠰᠡᠳᠬᠢᠯᠭᠡ ᠲᠠᠢ ᠪᠤᠯᠭᠠᠵᠤ ᠴᠢᠳᠠᠳᠠᠭ᠃ ᠡᠶᠢᠮᠦ ᠠᠴᠠ ᠪᠠᠭᠰᠢ | ᠪᠣᠯᠣᠨ ᠭᠡᠷ ᠤᠨ ᠠᠬᠠᠮᠠᠳ ᠬᠡᠦᠬᠡᠳ ᠲᠤ ᠭᠦᠳᠡᠯᠮᠦᠷᠢ ᠶᠢᠨ ᠬᠥᠮᠦᠵᠢᠯ ᠬᠢᠬᠦ ᠳᠤ ᠶᠠᠭᠤᠨ ᠤ ᠤᠷᠢᠳ ᠬᠡᠦᠬᠡᠳ ᠲᠠᠢ | ᠰᠡᠳᠬᠢᠯ ᠰᠠᠨᠠᠭ᠎ᠠ ᠪᠠᠨ ᠰᠠᠶᠢᠲᠤᠷ ᠰᠣᠯᠢᠯᠴᠠᠵᠤ᠂ ᠲᠡᠳᠡᠨ ᠢ ᠬᠢᠴᠢᠶᠡᠯ ᠰᠤᠷᠤᠯᠭ᠎ᠠ ᠳᠠᠭᠠᠨ ᠰᠢᠮᠳᠠᠨ ᠰᠤᠷᠤᠯᠴᠠᠬᠤ᠂ | ᠪᠤᠰᠤᠳ ᠢ ᠬᠦᠨᠳᠦᠳᠬᠡᠨ ᠬᠠᠪᠰᠤᠷᠬᠤ ᠪᠠᠷ ᠵᠢᠷᠭᠠᠯ ᠢᠶᠠᠨ ᠪᠤᠯᠭᠠᠬᠤ᠂ ᠠᠵᠢᠯ ᠭᠦᠳᠡᠯᠮᠦᠷᠢ ᠳᠤ ᠢᠳᠡᠪᠬᠢᠲᠡᠢ | ᠣᠷᠤᠯᠴᠠᠬᠤ ᠰᠠᠶᠢᠨ ᠰᠠᠶᠢᠬᠠᠨ ᠳᠠᠳᠬᠠᠯ ᠲᠠᠢ ᠪᠤᠯᠭᠠᠵᠦ᠂ ᠲᠡᠳᠡᠨ ᠤ ᠰᠡᠳᠬᠢᠯ ᠤᠨ ᠳᠣᠲᠣᠨᠣ ᠬᠥᠮᠥᠨ ᠪᠣᠯᠵᠤ᠂ | ᠭᠦᠳᠡᠯᠮᠦᠷᠢ ᠶᠢᠨ ᠴᠢᠬᠤᠯᠠ ᠴᠢᠨᠠᠷ ᠢ ᠦᠷᠭᠦᠯᠵᠢ ᠶᠢᠨ ᠴᠢᠨᠠᠷᠲᠠᠢ ᠵᠢᠭᠠᠨ ᠵᠢᠯᠤᠭᠤᠳᠬᠤ ᠬᠡᠷᠡᠭᠲᠡᠢ ᠶᠤᠮ᠃ |