ᠨᠡᠶᠢᠲᠡᠯᠡᠭᠰᠡᠨ ᠴᠠᠭ᠄ 2025/1/16 | | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠭᠢᠯᠭᠠᠨ ᠮᠡᠳᠡᠭᠡ 1 ᠰᠠᠷ᠎ᠠ ᠶᠢᠨ 15 ᠤ | ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠰᠦ᠋ ᠯᠢᠨ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠣᠨ ᠤ ᠡᠴᠦᠰ ᠵᠢᠯ ᠤᠨ ᠡᠬᠢ ᠪᠠᠷ᠂ ᠳᠤᠮᠳᠠᠳᠤ ᠸᠢᠶᠧᠲᠨᠠᠮ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ ᠶᠡᠷᠦᠩᠬᠡᠢ ᠱᠦᠵᠢ ᠰᠦ᠋ ᠯᠢᠨ ᠨᠥᠬᠦᠷ ᠲᠠᠢ ᠤᠲᠠᠰᠤ ᠪᠠᠷ | ᠶᠠᠷᠢᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠨᠢᠳᠤᠨᠤᠨ ᠤ 8 ᠰᠠᠷ᠎ᠠ ᠳᠤ᠂ ᠲᠠ ᠳᠤᠮᠳᠠᠳᠤ ᠤᠯᠤᠰ ᠲᠤ | ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠦᠶ᠎ᠡ ᠳᠤ ᠪᠢᠳᠡ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ | ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠵᠡᠷᠭᠡ ᠲᠠᠯ᠎ᠠ ᠪᠠᠷ | ᠭᠦᠨᠵᠡᠭᠡᠢ ᠶᠠᠷᠢᠯᠴᠠᠨ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠤᠭᠰᠠᠨ ᠪᠢᠯᠡ᠃ ᠬᠠᠭᠠᠰ ᠵᠢᠯ ᠤᠨ | ᠲᠤᠷᠰᠢ᠂ ᠳᠤᠮᠳᠠᠳᠤ ᠸᠢᠶᠧᠲᠨᠠᠮ ᠤᠨ ᠬᠤᠶᠠᠷ ᠨᠠᠮ ᠬᠤᠶᠠᠷ ᠤᠯᠤᠰ ᠤᠨ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ | ᠬᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠳᠬᠤᠵᠤ᠂ ᠪᠢᠳᠡᠨ ᠤ ᠵᠥᠪᠳᠡᠯᠴᠡᠨ ᠲᠣᠭᠲᠠᠭᠰᠠᠨ ᠬᠠᠮᠲᠤᠷᠠᠯᠴᠠᠭᠠᠨ ᠤ | ᠠᠵᠢᠯ ᠶᠠᠪᠤᠳᠠᠯ ᠢᠳᠡᠪᠬᠢᠲᠡᠢ ᠠᠬᠢᠴᠠ ᠲᠠᠢ ᠪᠣᠯᠪᠠ ᠭᠡᠵᠦ ᠢᠯᠡᠳᠬᠡᠪᠡ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ | ᠬᠤᠷᠠᠯ ᠢᠶᠠᠨ ᠪᠡᠯᠡᠳᠬᠡᠬᠦ ᠵᠠᠩᠭᠢᠯᠠᠭ᠎ᠠ ᠶᠢᠨ ᠵᠢᠯ ᠮᠥᠨ᠂ ᠳᠤᠮᠳᠠᠳᠤ ᠸᠢᠶᠧᠲᠨᠠᠮ ᠬᠤᠶᠠᠷ ᠤᠯᠤᠰ ᠲᠤ ᠴᠥᠮ ᠤᠷᠢᠳᠤᠬᠢ ᠶᠢ | ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ ᠲᠠᠯ᠎ᠠ ᠪᠠᠷ ᠢᠶᠠᠨ | ᠦᠷᠭᠦᠯᠵᠢᠯᠡᠨ ᠨᠠᠮ ᠢᠶᠠᠨ ᠮᠠᠨᠳᠤᠭᠤᠯᠵᠤ ᠨᠠᠮ ᠢᠶᠠᠨ ᠬᠦᠴᠦᠷᠬᠡᠭᠵᠢᠭᠦᠯᠵᠦ᠂ ᠨᠡᠶᠢᠭᠡᠮ ᠵᠢᠷᠤᠮ ᠤᠨ ᠤᠨᠤᠯ ᠪᠣᠯᠣᠨ | ᠦᠢᠯᠡᠳᠦᠯᠭᠡ ᠶᠢᠨ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ | ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠳᠤᠮᠳᠠ ᠬᠥᠭᠵᠢᠨ ᠪᠤᠵᠠᠭᠠᠶᠢᠷᠠᠬᠤ ᠶᠢ ᠠᠬᠢᠭᠤᠯᠤᠶ᠎ᠠ | ᠃ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠶᠢᠨ ᠤᠯᠤᠰ ᠲᠦᠷᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠨᠢᠭᠲᠠ ᠶᠠᠪᠤᠯᠴᠠᠭ᠎ᠠ ᠪᠠᠨ ᠦᠷᠭᠦᠯᠵᠢᠯᠡᠨ ᠪᠠᠲᠤᠯᠠᠶ᠎ᠠ᠃ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢᠨ ᠨᠡᠩ | ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠮᠲᠤᠷᠠᠯᠴᠠᠭᠠᠨ ᠤ ᠬᠤᠰᠢᠭᠤᠷᠠᠯ ᠲᠠᠪᠴᠠᠩ ᠢ ᠭᠠᠷ ᠬᠤᠯᠪᠣᠨ ᠪᠠᠶᠢᠭᠤᠯᠵᠤ᠂ | ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠬᠢᠯᠢ ᠠᠯᠤᠰᠯᠠᠭᠰᠠᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢ ᠪᠠᠶᠢᠭᠤᠯᠤᠶ᠎ᠠ᠃ ᠠᠷᠠᠳ ᠤᠨ ᠰᠡᠳᠬᠢᠯ ᠢ ᠬᠤᠯᠪᠣᠭᠰᠠᠨ᠂ ᠬᠠᠶᠢᠷ᠎ᠠ ᠰᠡᠳᠬᠢᠯᠭᠡ ᠲᠠᠢ᠂ ᠤᠯᠠᠨ ᠲᠦᠮᠡᠨ ᠲᠠᠢ | ᠣᠶᠢᠷᠠᠲᠤᠭᠰᠠᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠵᠦ᠂ ᠰᠣᠨᠢᠨ ᠮᠡᠳᠡᠭᠡ᠂ ᠰᠣᠶᠣᠯ ᠵᠢᠭᠤᠯᠴᠢᠯᠠᠯ᠂ | ᠣᠷᠣᠨ ᠨᠤᠲᠤᠭ᠂ ᠵᠠᠯᠠᠭᠤᠴᠤᠳ ᠤᠨ ᠡᠯ᠎ᠡ ᠬᠦᠷᠢᠶᠡᠨ ᠳᠠᠬᠢ ᠶᠠᠪᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ | ᠤᠯᠠᠨ ᠠᠷᠠᠳ ᠤᠨ ᠰᠡᠳᠬᠢᠯ ᠤᠨ ᠢᠨᠵᠧᠨᠧᠷᠢᠩ ᠢ ᠪᠠᠶᠢᠭᠤᠯᠤᠶ᠎ᠠ᠃ ᠤᠯᠠᠨ ᠤᠯᠤᠰ ᠤᠨ ᠪᠠ ᠭᠠᠵᠠᠷ ᠣᠷᠣᠨ ᠤ | ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ ᠨᠠᠭᠠᠰᠢ᠂ | ᠸᠢᠶᠧᠲᠨᠠᠮ ᠤᠨ ᠡᠪ ᠬᠠᠮᠲᠤ ᠨᠠᠮ ᠪᠦᠭᠦ ᠸᠢᠶᠧᠲᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠯᠠᠨ | ᠲᠠᠯ᠎ᠠ ᠶᠢᠨ ᠬᠦᠴᠢᠷᠳᠡᠯ ᠪᠠ ᠥᠷᠢᠰᠦᠯᠳᠦᠭᠡᠨ ᠢ ᠢᠯᠠᠨ ᠳᠠᠪᠠᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ | ᠪᠣᠯᠣᠨ ᠰᠢᠨᠡᠴᠢᠯᠡᠯᠲᠡ ᠶᠢᠨ ᠦᠢᠯᠡᠰ ᠲᠤ ᠰᠢᠨ᠎ᠡ ᠠᠮᠵᠢᠯᠲᠠ ᠣᠯᠪᠠ᠃ ᠰᠦ᠋ ᠯᠢᠨ ᠨᠥᠬᠦᠷ ᠢᠶᠠᠷ ᠲᠦᠷᠦᠭᠦᠯᠡᠭᠦᠯᠦᠭᠰᠡᠨ | ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠸᠢᠶᠧᠲᠨᠠᠮ ᠤᠨ ᠨᠠᠮ᠂ ᠤᠯᠤᠰ᠂ | ᠠᠷᠠᠳ ᠲᠦᠮᠡᠨ ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠤᠭᠲᠤᠬᠤ᠂ ᠠᠷᠪᠠᠨ ᠳᠥᠷᠪᠡᠳᠦᠭᠡᠷ ᠶᠡᠭᠡ ᠬᠤᠷᠠᠯ ᠢᠶᠠᠨ | ᠰᠠᠶᠢᠲᠤᠷ ᠬᠤᠷᠠᠯᠳᠤᠭᠤᠯᠬᠤ ᠶᠢᠨ ᠲᠣᠭᠤᠷᠢᠨ ᠳᠤ ᠸᠢᠶᠧᠲᠨᠠᠮ ᠤᠨ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ | ᠲᠡᠶᠢᠰᠢ ᠡᠷᠡᠰ ᠤᠷᠤᠭᠰᠢᠯᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠦ᠋ ᠯᠢᠨ ᠡᠩ ᠲᠡᠷᠢᠭᠦᠨ ᠳᠤ ᠳᠤᠮᠳᠠᠳᠤ ᠤᠯᠤᠰ ᠤᠨ ᠲᠥᠪᠡᠳ ᠲᠤ ᠭᠠᠵᠠᠷ ᠬᠥᠳᠡᠯᠵᠦ ᠬᠥᠮᠥᠨ ᠬᠠᠷ᠎ᠠ ᠪᠠ ᠡᠳ᠋ | ᠬᠥᠷᠥᠩᠭᠡ ᠳᠤ ᠬᠦᠨᠳᠦ ᠨᠣᠴᠢᠲᠠᠢ ᠬᠤᠬᠢᠷᠠᠯ ᠤᠴᠠᠷᠠᠭᠰᠠᠨ ᠶᠠᠪᠤᠳᠠᠯ ᠢ ᠴᠢᠩ ᠰᠡᠳᠬᠢᠯ ᠠᠴᠠ ᠪᠠᠨ ᠲᠣᠬᠤᠨᠢᠭᠤᠯᠵᠤ | ᠪᠠᠶᠢᠬᠤ ᠪᠠᠨ ᠢᠯᠡᠳᠬᠡᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ᠠᠯᠢ ᠲᠦᠷᠭᠡᠨ ᠢᠶᠠᠷ ᠭᠠᠵᠠᠷ | ᠬᠥᠳᠡᠯᠦᠯᠲᠡ ᠠᠴᠠ ᠪᠣᠯᠤᠭᠰᠠᠨ ᠬᠤᠬᠢᠷᠠᠯ ᠢ ᠢᠯᠡᠨ ᠳᠠᠪᠠᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠢᠶᠠᠨ ᠳᠠᠭᠠᠭᠤᠯᠤᠨ ᠣᠯᠣᠭᠰᠠᠨ ᠯᠤᠲᠤ ᠶᠡᠭᠡ ᠬᠥᠭᠵᠢᠯᠲᠡ ᠶᠢᠨ | ᠠᠮᠵᠢᠯᠲᠠ ᠪᠦᠲᠦᠮᠵᠢ ᠶᠢ ᠸᠢᠶᠧᠲᠨᠠᠮ ᠤᠨ ᠬᠢᠨ ᠴᠢᠩ ᠰᠡᠳᠬᠢᠯ ᠠᠴᠠ ᠪᠠᠨ ᠪᠢᠰᠢᠷᠡᠵᠦ ᠪᠠᠶᠢᠨ᠎ᠠ᠂ ᠳᠤᠮᠳᠠᠳᠤ ᠤᠯᠤᠰ | ᠯᠠᠪᠲᠠᠢ ᠠᠵᠤ ᠠᠬᠤᠢ ᠶᠢᠨ ᠬᠡᠪᠴᠢᠶ᠎ᠡ ᠪᠣᠯᠣᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠵᠡᠷᠭᠡ ᠳᠠᠪᠠᠭᠤᠯᠢᠭ ᠢᠶᠠᠨ | ᠪᠠᠳᠠᠷᠠᠭᠤᠯᠵᠤ᠂ ᠨᠡᠩ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠬᠤ ᠶᠢ ᠢᠲᠡᠭᠡᠵᠦ ᠪᠠᠶᠢᠨ᠎ᠠ᠃ ᠸᠢᠶᠧᠲᠨᠠᠮ ᠤᠨ ᠬᠢᠨ | ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ | ᠢᠳᠡᠪᠬᠢᠲᠡᠢ ᠳᠡᠮᠵᠢᠬᠦ ᠪᠥᠭᠡᠳ ᠳᠤᠷᠠᠲᠠᠶ᠎ᠠ ᠡᠨᠡ ᠬᠦ ᠪᠣᠷᠣ ᠲᠥᠯᠥᠪ ᠤᠨ ᠳᠣᠣᠷ᠎ᠠ ᠳᠤᠮᠳᠠᠳᠤ ᠤᠯᠤᠰ ᠯᠤᠭ᠎ᠠ | ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠥᠩᠭᠡᠷᠡᠭᠰᠡᠨ ᠨᠢᠭᠡ ᠵᠢᠯ ᠳᠤ᠂ ᠸᠢᠶᠧᠲᠨᠠᠮ ᠤᠨ ᠪᠦᠭᠦ ᠨᠠᠮ ᠪᠦᠭᠦ | ᠤᠯᠤᠰ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠥᠭᠡᠨ ᠪᠤᠰᠤ ᠬᠦᠴᠢᠷ ᠪᠡᠷᠬᠡᠰᠢᠶᠡᠯ ᠪᠠ | ᠥᠷᠢᠰᠦᠯᠳᠦᠭᠡᠨ ᠢ ᠢᠯᠠᠨ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠴᠢᠬᠤᠯᠠ ᠰᠢᠨ᠎ᠡ ᠦᠷ᠎ᠡ | ᠪᠦᠲᠦᠭᠡᠯ ᠣᠯᠪᠠ᠃ | ᠸᠢᠶᠧᠲᠨᠠᠮ ᠤᠨ ᠬᠢᠨ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠢ ᠪᠡᠯᠡᠳᠬᠡᠬᠦ ᠪᠠᠷ | ᠬᠠᠷᠠᠯᠲᠠ ᠪᠤᠯᠭᠠᠵᠤ᠂ ᠠᠷᠠᠳ ᠢᠶᠠᠨ ᠪᠠᠶᠠᠵᠢᠭᠤᠯᠵᠤ ᠤᠯᠤᠰ ᠢᠶᠠᠨ ᠬᠦᠴᠦᠷᠬᠡᠭᠵᠢᠭᠦᠯᠬᠦ ᠠᠷᠠᠳᠴᠢᠯᠠᠯ ᠲᠠᠢ ᠡᠷᠬᠡ ᠲᠡᠭᠰᠢ | ᠪᠣᠯᠪᠠᠰᠤᠨ ᠢᠶᠠᠷ ᠣᠨᠴᠠᠯᠢᠭ ᠪᠤᠯᠭᠠᠬᠰᠠᠨ ᠰᠢᠨ᠎ᠡ ᠬᠥᠭᠵᠢᠯᠲᠡ ᠶᠢᠨ ᠡᠷᠡᠨ ᠲᠡᠶᠢᠰᠢ ᠤᠷᠤᠭᠰᠢᠯᠠᠵᠤ᠂ ᠡᠨᠡ ᠬᠦ ᠶᠠᠪᠤᠴᠠ ᠳᠤ | ᠳᠤᠮᠳᠠᠳᠤ ᠤᠯᠤᠰ ᠤᠨ ᠬᠥᠭᠵᠢᠯᠲᠡ ᠶᠢᠨ ᠲᠤᠷᠰᠢᠯᠭ᠎ᠠ᠂ ᠢᠯᠠᠩᠭᠤᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨ᠎ᠡ ᠤᠨᠤᠯ ᠪᠣᠯᠣᠨ | ᠦᠢᠯᠡᠳᠦᠯᠭᠡ ᠶᠢᠨ ᠰᠢᠨ᠎ᠡ ᠡᠭᠦᠳᠦᠯᠲᠡ ᠪᠠᠷ ᠭᠦᠢᠴᠡᠳ ᠲᠣᠯᠢ ᠪᠤᠯᠭᠠᠬᠤ ᠪᠣᠯᠣᠨ᠎ᠠ᠃ ᠸᠢᠶᠧᠲᠨᠠᠮ ᠦᠷᠭᠦᠯᠵᠢᠯᠡᠨ ᠸᠢᠶᠧᠲᠨᠠᠮ | ᠳᠤᠮᠳᠠᠳᠤ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠭᠠᠳᠠᠭᠠᠳᠤ ᠲᠦᠷᠦ ᠶᠢᠨ ᠪᠣᠳᠣᠯᠭ᠎ᠠ ᠶᠢᠨ ᠢᠶᠠᠨ ᠲᠡᠷᠢᠭᠦᠨ ᠪᠠᠶᠢᠷᠢᠨ ᠳᠤ | ᠲᠠᠯᠪᠢᠵᠤ᠂ ᠳᠤᠮᠳᠠᠳᠤ ᠤᠯᠤᠰ ᠯᠤᠭ᠎ᠠ ᠬᠤᠶᠠᠷ ᠨᠠᠮ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ | ᠴᠢᠩᠭᠠᠳᠬᠠᠨ᠂ ᠲᠦᠷᠦ ᠶᠢᠨ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠬᠠᠮᠲᠤ ᠪᠠᠷ ᠰᠠᠶᠢᠲᠤᠷ ᠡᠷᠭᠢᠯᠡᠨ᠂ ᠵᠥᠷᠢᠯᠳᠦᠭᠡᠨ ᠢᠶᠠᠨ | ᠲᠣᠬᠢᠲᠠᠢ ᠬᠠᠮᠢᠶᠠᠷᠤᠨ ᠰᠢᠢᠳᠪᠦᠷᠢᠯᠡᠵᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠸᠢᠶᠧᠲᠨᠠᠮ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃ | ᠰᠢ ᠶᠢᠨ ᠫᠢᠩ ᠪᠣᠯᠣᠨ ᠰᠦ᠋ ᠯᠢᠨ ᠬᠠᠮᠲᠤ ᠪᠠᠷ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ | ᠣᠨ ᠵᠢᠩᠬᠢᠨᠢ ᠪᠠᠷ ᠡᠬᠢᠯᠡᠭᠰᠡᠨ ᠢ ᠵᠠᠷᠯᠠᠵᠤ᠂ ᠪᠠᠰᠠ ᠬᠠᠷᠢᠯᠴᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠬᠤᠶᠠᠷ | ᠤᠯᠤᠰ ᠤᠨ ᠠᠷᠠᠳ ᠲᠦᠮᠡᠨ ᠤ ᠥᠯᠵᠡᠢ ᠪᠡᠯᠭᠡ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠪᠡ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | |