ᠨᠡᠶᠢᠲᠡᠯᠡᠭᠰᠡᠨ ᠴᠠᠭ᠄ 2025/1/16 | | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠭᠢᠯᠭᠠᠨ ᠮᠡᠳᠡᠭᠡ 1 ᠰᠠᠷ᠎ᠠ ᠶᠢᠨ 16 ᠤ | ᠡᠳᠦᠷ ᠬᠡᠪᠯᠡᠭᠳᠡᠬᠦ 2 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ︾ ᠢ | ᠨᠡᠶᠢᠲᠡᠯᠡᠪᠡ᠃ ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠠᠴᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ ᠴᠣᠭᠴᠠ ᠪᠠᠷ ᠠᠬᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠮᠠᠨ ᠤ | ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠨᠡᠭᠡᠭᠡᠭᠰᠡᠨ ᠨᠢ ᠴᠠᠭ ᠦᠶ᠎ᠡ ᠶᠢ ᠵᠠᠭᠠᠭᠯᠠᠭᠰᠠᠨ ᠠᠴᠢ | ᠬᠤᠯᠪᠣᠭᠳᠠᠯ ᠲᠠᠢ ᠶᠤᠮ᠃ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠠᠵᠢᠯ | ᠴᠢᠬᠤᠯᠠ ᠶᠡᠭᠡ ᠦᠢᠯᠡᠳᠦᠯᠭᠡ ᠶᠢᠨ ᠦᠷ᠎ᠡ ᠪᠦᠲᠦᠭᠡᠯ᠂ ᠳᠦᠷᠢᠮ ᠤᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ | ᠣᠯᠪᠠ᠂ ᠡᠨᠡ ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠶᠠᠪᠤᠴᠠ ᠳᠠᠬᠢ ᠬᠠᠮᠤᠭ ᠤᠨ ᠢᠷᠠᠭᠤ | ᠭᠠᠶᠢᠬᠠᠮᠰᠢᠭᠲᠤ ᠬᠠᠭᠤᠳᠠᠰᠤ ᠶᠢᠨ ᠨᠢᠭᠡ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ᠂ ︽ᠬᠤᠶᠠᠷ | ᠶᠡᠭᠡ ᠭᠠᠶᠢᠬᠠᠮᠰᠢᠭ︾ ᠢ ᠦᠷᠭᠦᠯᠵᠢᠯᠡᠨ ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ | ᠪᠠᠲᠤᠯᠠᠭ᠎ᠠ ᠬᠠᠩᠭᠠᠭᠰᠠᠨ ᠪᠥᠭᠡᠳ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠲᠤ | ᠪᠠᠬᠢ ᠰᠠᠭᠤᠷᠢ ᠪᠠ ᠡᠷᠬᠢᠮ ᠨᠠᠨᠳᠢᠨ ᠲᠤᠷᠰᠢᠯᠭ᠎ᠠ ᠬᠠᠩᠭᠠᠵᠠᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠪᠣᠯ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠪᠠᠲᠤ ᠡᠵᠡᠮᠳᠡᠵᠦ᠂ ᠢᠮᠠᠭᠲᠠ ᠪᠠᠷᠢᠮᠲᠠᠯᠠᠬᠤ ᠴᠢᠬᠤᠯᠠ ᠶᠡᠭᠡ ᠵᠠᠷᠴᠢᠮ ᠮᠥᠨ᠃ | ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠬᠤᠪᠢᠰᠤᠩᠭᠤᠢ ᠨᠢᠭᠡᠳᠦᠯᠲᠡᠢ᠂ ᠭᠠᠭᠴᠠ ᠬᠦ ᠲᠥᠪ ᠶᠣᠰᠣ ᠶᠢ | ᠪᠠᠷᠢᠮᠲᠠᠯᠠᠪᠠᠯ ᠰᠠᠶ᠋ᠢ ᠰᠢᠨ᠎ᠡ ᠶᠢ ᠡᠭᠦᠳᠬᠦ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠵᠤ ᠴᠢᠳᠠᠨ᠎ᠠ᠂ ᠭᠠᠭᠴᠠ | ᠬᠦ ᠦᠷᠭᠦᠯᠵᠢᠯᠡᠨ ᠰᠢᠨ᠎ᠡ ᠶᠢ ᠡᠭᠦᠳᠪᠡᠯ ᠰᠠᠶ᠋ᠢ ᠲᠥᠪ ᠶᠣᠰᠣ ᠶᠢ ᠨᠡᠩ ᠰᠠᠶᠢᠲᠤᠷ ᠪᠠᠷᠢᠮᠲᠠᠯᠠᠵᠤ ᠴᠢᠳᠠᠨ᠎ᠠ᠃ ᠮᠠᠨ ᠤ ᠬᠢᠵᠦ | ᠪᠠᠶᠢᠭ᠎ᠠ ᠥᠭᠡᠷᠡᠴᠢᠯᠡᠯᠲᠡ ᠪᠣᠯ ᠴᠢᠭᠯᠡᠯ ᠲᠠᠢ᠂ ᠵᠠᠷᠴᠢᠮ ᠲᠠᠢ ᠶᠤᠮ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠮᠠᠷᠺᠰ ᠤᠨ ᠦᠵᠡᠯ ᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠪᠠᠷᠢᠮᠲᠠᠯᠠᠵᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠵᠤ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ | ᠪᠣᠯᠭᠠᠨ᠎ᠠ᠂ ᠡᠳᠡᠭᠡᠷ ᠪᠣᠯ ᠴᠥᠮ ᠦᠨᠳᠦᠰᠦᠨ ᠵᠦᠢᠯ ᠳᠤ ᠬᠤᠯᠪᠣᠭᠳᠠᠬᠤ᠂ ᠴᠢᠭᠯᠡᠯ ᠳᠤ ᠬᠤᠯᠪᠣᠭᠳᠠᠬᠤ᠂ ᠠᠯᠤᠰ | ᠢᠷᠡᠭᠡᠳᠦᠢ ᠳᠤ ᠬᠤᠯᠪᠣᠭᠳᠠᠬᠤ ᠵᠦᠢᠯ ᠮᠥᠨ᠂ ᠨᠠᠮ ᠤᠨ ᠰᠢᠨᠵᠢ ᠴᠢᠨᠠᠷ ᠪᠠ ᠵᠣᠷᠢᠯᠲᠠ ᠶᠢ ᠢᠯᠡᠷᠡᠭᠦᠯᠵᠦ᠂ ᠮᠠᠨ ᠤ | ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠵᠦ᠂ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ᠂ | ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠤ ᠴᠤ ᠤᠬᠳᠤ ᠭᠤᠶᠢᠪᠢᠯᠵᠠᠭᠤᠯᠵᠤ ᠪᠤᠯᠬᠤ ᠦᠭᠡᠢ᠃ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠲᠦᠷᠦ ᠶᠢ ᠵᠠᠰᠠᠬᠤ ᠰᠢᠰᠲ᠋ᠧᠮ | ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠥᠭᠡᠷᠡᠴᠢᠯᠡᠯᠲᠡ ᠶᠢᠨ ᠶᠡᠷᠦᠩᠬᠡᠢ ᠬᠠᠷᠠᠯᠲᠠ ᠶᠢ | ᠪᠠᠷᠢᠮᠲᠠᠯᠠᠵᠤ᠂ ᠢᠮᠠᠭᠲᠠ ᠶᠡᠷᠦᠩᠬᠡᠢ ᠬᠠᠷᠠᠯᠲᠠ ᠶᠢᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ᠂ ᠥᠭᠡᠷᠡᠴᠢᠯᠡᠬᠦ | ᠶᠣᠰᠣᠲᠠᠢ ᠶᠢ ᠨᠢ ᠡᠷᠡᠰ ᠥᠭᠡᠷᠡᠴᠢᠯᠡᠵᠦ᠂ ᠥᠭᠡᠷᠡᠴᠢᠯᠡᠪᠡᠯ ᠵᠣᠬᠢᠰ ᠦᠭᠡᠢ ᠶᠢ ᠨᠢ ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ | ᠴᠤᠴᠠᠯᠲᠠ ᠦᠭᠡᠢ ᠤᠷᠤᠭᠰᠢᠯᠠᠬᠤ ᠰᠥᠰᠥ ᠵᠣᠷᠢᠭ ᠪᠠ ᠣᠮᠤᠭ ᠵᠣᠷᠢᠭ ᠢᠶᠠᠷ ᠤᠨᠤᠯ ᠤᠨ ᠰᠢᠨ᠎ᠡ ᠶᠢ ᠡᠭᠦᠳᠬᠦ᠂ | ᠦᠢᠯᠡᠳᠦᠯᠭᠡ ᠶᠢᠨ ᠰᠢᠨ᠎ᠡ ᠶᠢ ᠡᠭᠦᠳᠬᠦ᠂ ᠪᠠᠶᠢᠭᠤᠯᠤᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠵᠢᠴᠢ | ᠪᠤᠰᠤᠳ ᠡᠯ᠎ᠡ ᠲᠠᠯ᠎ᠠ ᠶᠢᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ | ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ︽ᠬᠤᠶᠠᠷ ᠭᠤᠶᠢᠪᠢᠰᠢ ᠦᠭᠡᠢ︾ | ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠨ ᠬᠦᠯᠢᠶᠡᠰᠦᠯᠡᠵᠦ ᠪᠠᠶᠢᠭ᠎ᠠ | ᠪᠠᠶᠢᠭᠤᠯᠤᠯ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠨᠥᠯᠥᠭᠡᠯᠡᠨ | ᠬᠦᠯᠢᠶᠡᠰᠦᠯᠡᠵᠦ ᠪᠠᠶᠢᠭ᠎ᠠ ᠰᠠᠭᠠᠳ ᠲᠦᠭᠵᠢᠷᠡᠯ ᠢ ᠡᠷᠡᠰ ᠠᠷᠢᠯᠭᠠᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠭᠤᠯᠬᠤᠨ ᠲᠤᠶᠢᠯ ᠤᠨ ᠪᠠᠶᠠᠯᠢᠭ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠨᠢ ᠴᠦ ᠵᠠᠶᠢᠯᠠᠰᠢ ᠦᠭᠡᠢ ᠪᠦᠭᠦ ᠲᠠᠯ᠎ᠠ ᠶᠢᠨ ᠶᠤᠮ᠃ | ᠡᠯ᠎ᠡ ᠲᠠᠯ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠵᠣᠬᠢᠴᠠᠭᠤᠯᠤᠨ ᠠᠬᠢᠭᠤᠯᠵᠤ᠂ ᠪᠦᠬᠦᠯᠢ ᠴᠣᠭᠴᠠ ᠶᠢᠨ ᠦᠷ᠎ᠡ | ᠪᠦᠲᠦᠮᠵᠢ ᠶᠢ ᠪᠦᠷᠢᠯᠳᠦᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨᠵᠢᠯᠡᠬᠦ ᠤᠬᠠᠭᠠᠨᠴᠢ ᠠᠷᠭ᠎ᠠ ᠪᠠᠷ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠶᠢ ᠪᠠᠷᠢᠮᠲᠠᠯᠠᠬᠤ | ᠬᠡᠷᠡᠭᠲᠡᠢ᠃ ᠥᠭᠡᠷᠡᠴᠢᠯᠡᠯᠲᠡ ᠪᠣᠯ ᠰᠢᠰᠲ᠋ᠧᠮᠲᠦ ᠢᠨᠵᠧᠨᠧᠷᠢᠩ ᠮᠥᠨ᠂ ᠡᠯ᠎ᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠬᠦ ᠴᠢᠬᠤᠯᠠᠲᠠᠢ᠂ ᠰᠢᠨᠵᠢᠯᠡᠬᠦ ᠤᠬᠠᠭᠠᠨᠴᠢ ᠠᠷᠭ᠎ᠠ ᠶᠢ ᠡᠷᠭᠢᠮᠯᠡᠭᠦ ᠴᠢᠬᠤᠯᠠᠲᠠᠢ ᠶᠤᠮ᠃ ᠨᠢᠭᠡ ᠳᠤ᠂ | ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠬᠠᠤᠯᠢ ᠪᠠᠷ ᠵᠠᠰᠠᠬᠤ | ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠦᠢᠯᠡᠳᠦᠯ ᠤᠨ | ᠣᠷᠣᠨ ᠵᠠᠢ ᠶᠢ ᠤᠯᠠᠮ ᠨᠢᠭᠡ ᠠᠯᠬᠤᠮ ᠥᠷᠭᠡᠳᠬᠡᠵᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ | ᠮᠠᠶ᠋ᠢᠭ ᠢ ᠴᠢᠳᠠᠮᠠᠭᠠᠢ ᠬᠡᠷᠡᠭᠯᠡᠨ ᠥᠭᠡᠷᠡᠴᠢᠯᠡᠯᠲᠡ ᠶᠢ ᠠᠬᠢᠭᠤᠯᠵᠤ᠂ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠭᠦᠨ ᠡᠷᠬᠡ | ᠲᠡᠭᠰᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠬᠤᠶᠠᠷ ᠲᠤ᠂ ᠬᠠᠭᠤᠴᠢᠨ ᠢ ᠡᠪᠳᠡᠬᠦ ᠪᠠ ᠰᠢᠨ᠎ᠡ ᠶᠢ ᠪᠠᠶᠢᠭᠤᠯᠬᠤ ᠶᠢᠨ | ᠬᠤᠪᠢᠰᠤᠩᠭᠤᠢ ᠨᠢᠭᠡᠳᠦᠯ ᠢ ᠪᠠᠷᠢᠮᠲᠠᠯᠠᠬᠤ ᠬᠡᠷᠡᠭᠲᠡᠢ᠃ ᠥᠭᠡᠷᠡᠴᠢᠯᠡᠯᠲᠡ ᠪᠣᠯ ᠬᠠᠭᠤᠴᠢᠨ ᠢ ᠡᠪᠳᠡᠵᠦ ᠰᠢᠨ᠎ᠡ ᠶᠢ | ᠪᠠᠶᠢᠭᠤᠯᠬᠤ ᠶᠠᠪᠤᠴᠠ ᠮᠥᠨ᠂ ᠬᠠᠭᠤᠴᠢᠨ ᠢ ᠡᠪᠳᠡᠬᠦ ᠪᠣᠯ ᠠᠷᠭ᠎ᠠ ᠪᠠᠷᠢᠯ ᠮᠥᠨ᠂ ᠰᠢᠨ᠎ᠡ ᠶᠢ ᠪᠠᠶᠢᠭᠤᠯᠬᠤ ᠪᠣᠯ ᠵᠣᠷᠢᠯᠭ᠎ᠠ | ᠮᠥᠨ᠃ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠬᠠᠭᠤᠴᠢᠨ ᠢ ᠡᠪᠳᠡᠬᠦ ᠪᠠ | ᠰᠢᠨ᠎ᠡ ᠶᠢ ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ ᠰᠢᠨ᠎ᠡ ᠶᠢ ᠪᠠᠶᠢᠭᠤᠯᠵᠤ ᠲᠠᠷᠠᠭ᠎ᠠ ᠨᠢ ᠬᠠᠭᠤᠴᠢᠨ ᠢ | ᠡᠪᠳᠡᠬᠦ ᠶᠢ ᠨᠡᠩ ᠲᠤᠪᠤᠶᠢᠯᠭᠠᠵᠤ᠂ ᠬᠠᠭᠤᠴᠢᠨ ᠢ ᠡᠪᠳᠡᠬᠦ ᠪᠠ ᠰᠢᠨ᠎ᠡ ᠶᠢ ᠪᠠᠶᠢᠭᠤᠯᠬᠤ ᠶᠢ ᠨᠢᠭᠡᠳᠬᠡᠬᠦ ᠳᠤᠮᠳᠠ | ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠥᠭᠡᠷᠡᠴᠢᠯᠡᠯᠲᠡ ᠪᠠ | ᠨᠡᠭᠡᠭᠡᠯᠲᠡ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠬᠡᠷᠡᠭᠲᠡᠢ᠃ ᠳᠥᠷᠪᠡ ᠳᠤ᠂ ᠪᠠᠶᠢᠷᠢᠯᠠᠭᠤᠯᠬᠤ ᠪᠠ ᠨᠠᠶᠢᠳᠠᠪᠤᠷᠢᠵᠢᠭᠤᠯᠬᠤ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠥᠭᠡᠷᠡᠴᠢᠯᠡᠯᠲᠡ ᠶᠢᠨ ᠲᠥᠰᠥᠯ ᠢ ᠵᠢᠷᠤᠵᠤ ᠲᠥᠯᠥᠪᠯᠡᠬᠦ ᠳᠡᠭᠡᠨ ᠡᠷᠬᠡᠪᠰᠢ ᠪᠤᠰᠤᠳᠴᠢ ᠵᠢᠮ᠎ᠡ | ᠶᠣᠰᠣ ᠶᠢ ᠡᠵᠡᠮᠳᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ | ᠪᠦᠷᠢᠳᠦᠭᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠨᠡᠮᠡᠭᠳᠡᠭᠦᠯᠬᠦ ᠬᠡᠷᠡᠭᠲᠡᠢ᠃ | ᠬᠠᠷᠢᠭᠤᠴᠠᠯᠭ᠎ᠠ ᠲᠣᠳᠣᠷᠬᠠᠢ᠂ ᠬᠡᠯᠬᠢᠶ᠎ᠡ ᠪᠦᠷᠢᠨ᠂ ᠭᠤᠭᠴᠤᠭ᠎ᠠ ᠪᠦᠷᠢ ᠨᠢᠭᠡᠳᠦᠨ ᠤᠶᠠᠯᠳᠤᠭᠰᠠᠨ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠢᠴᠢᠭ ᠮᠠᠲ᠋ᠧᠷᠢᠶᠠᠯ ᠲᠣᠭᠲᠠᠭᠠᠬᠤ ᠶᠢ ᠴᠢᠬᠤᠯᠠᠴᠢᠯᠠᠬᠤ᠂ ᠱᠠᠯᠠᠪᠳᠠᠭᠤᠯᠤᠨ | ᠨᠠᠶᠢᠳᠠᠪᠤᠷᠢᠵᠢᠭᠤᠯᠬᠤ ᠶᠢ ᠬᠥᠩᠭᠡᠪᠴᠢᠯᠡᠬᠦ ᠵᠡᠷᠭᠡ ᠦᠵᠡᠭᠳᠡᠯ ᠢ ᠰᠡᠷᠭᠡᠶᠢᠯᠡᠨ ᠬᠤᠷᠢᠭᠯᠠᠵᠤ᠂ ︽ᠶᠠᠮᠠᠷ ᠴᠤ ᠦᠷ᠎ᠡ ᠪᠦᠲᠦᠮᠵᠢ | ᠦᠭᠡᠢ ᠳᠠᠭᠢᠨ ᠳᠠᠪᠲᠠᠨ ᠬᠢᠬᠦ︾ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠤᠳᠤᠷᠢᠳᠬᠤ ᠺᠠᠳ᠋ᠷ ᠢᠯᠠᠩᠭᠤᠶ᠎ᠠ | ᠳᠡᠭᠡᠳᠦ ᠵᠡᠷᠭᠡ ᠶᠢᠨ ᠺᠠᠳ᠋ᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠬᠦᠴᠢᠷ ᠢ ᠰᠥᠷᠦᠨ ᠤᠷᠤᠭᠰᠢᠯᠠᠬᠤ ᠤᠯᠤᠰ | ᠲᠦᠷᠦ ᠶᠢᠨ ᠰᠥᠰᠥ ᠵᠣᠷᠢᠭ ᠢᠶᠠᠷ᠂ ᠵᠥᠷᠢᠴᠡᠯ ᠪᠠ ᠠᠰᠠᠭᠤᠳᠠᠯ ᠳᠤ ᠰᠢᠭᠤᠳ ᠬᠠᠨᠳᠤᠵᠤ᠂ ᠠᠷᠬᠠᠭ ᠭᠡᠮ ᠢ ᠢᠳᠡᠪᠬᠢᠲᠡᠢ | ᠠᠷᠢᠯᠭᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ ᠵᠣᠷᠢᠭᠲᠠᠢ ᠠᠷᠭᠠᠴᠠᠭᠠᠵᠤ᠂ ᠥᠭᠡᠷᠡᠴᠢᠯᠡᠯᠲᠡ ᠬᠥᠭᠵᠢᠯᠲᠡ ᠶᠢᠨ | ᠰᠢᠨ᠎ᠡ ᠣᠷᠣᠨ ᠵᠠᠢ ᠶᠢ ᠴᠢᠷᠮᠠᠶᠢᠨ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠢᠳᠡᠪᠬᠢ | ᠬᠦᠴᠦᠨ ᠵᠦᠢᠯ ᠪᠦᠭᠦᠨ ᠢ ᠭᠦᠢᠴᠡᠳ ᠳᠠᠶᠢᠴᠢᠯᠠᠬᠤ ᠨᠢ ᠥᠭᠡᠷᠡᠴᠢᠯᠡᠯᠲᠡ ᠶᠢ ᠤᠷᠤᠭᠰᠢᠲᠠᠢ ᠠᠬᠢᠭᠤᠯᠬᠤ ᠳᠤ ᠲᠤᠶᠢᠯ ᠤᠨ | ᠴᠢᠬᠤᠯᠠ ᠶᠤᠮ᠃ ᠪᠦᠭᠦᠳᠡ ᠬᠤᠷᠠᠯ ᠤᠨ ︽ᠲᠣᠭᠲᠠᠭᠠᠯ︾ ᠤᠨ ᠵᠣᠷᠢᠭ ᠰᠠᠨᠠᠭ᠎ᠠ ᠶᠢ ᠵᠥᠪ ᠣᠶᠢᠯᠠᠭᠠᠨ ᠲᠠᠶᠢᠯᠪᠤᠷᠢᠯᠠᠵᠤ᠂ | ᠪᠦᠭᠦ ᠨᠠᠮ ᠪᠦᠭᠦ ᠨᠡᠶᠢᠭᠡᠮ ᠢᠶᠠᠷ ᠢᠶᠠᠨ ᠥᠭᠡᠷᠡᠴᠢᠯᠡᠯᠲᠡ ᠶᠢ ᠬᠠᠮᠲᠤ ᠪᠠᠷ ᠠᠳᠬᠤᠬᠤ ᠦᠵᠡᠯ ᠰᠠᠨᠠᠭᠠᠨ ᠤ ᠰᠠᠭᠤᠷᠢ᠂ ᠤᠯᠠᠨ | ᠲᠦᠮᠡᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠵᠢᠱᠢᠯᠲᠡ ᠶᠢ ᠵᠦᠢ ᠵᠣᠬᠢᠰᠲᠠᠢ ᠬᠥᠲᠥᠯᠥᠨ | ᠵᠢᠯᠤᠭᠤᠳᠴᠤ᠂ ᠺᠠᠳ᠋ᠷ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠥᠭᠡᠷᠡᠴᠢᠯᠡᠯᠲᠡ ᠶᠢᠨ ᠳᠤᠮᠳᠠᠬᠢ ᠠᠰᠢᠭ ᠲᠤᠰᠠ ᠶᠢᠨ | ᠬᠠᠷᠢᠴᠠᠭ᠎ᠠ ᠶᠢ ᠲᠣᠬᠢᠷᠠᠭᠤᠯᠬᠤ ᠪᠠ ᠬᠤᠪᠢ ᠬᠥᠮᠥᠨ ᠤ ᠠᠰᠢᠭ ᠬᠤᠣᠷ ᠣᠯᠵᠤ ᠠᠯᠳᠠᠬᠤ ᠶᠠᠪᠤᠳᠠᠯ ᠳᠤ ᠵᠥᠪ ᠢᠶᠠᠷ | ᠬᠠᠨᠳᠤᠬᠤ ᠭᠡᠷᠡᠭᠲᠡᠢ︔ ᠬᠥᠮᠥᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠪᠠ ᠠᠷᠠᠳ | ᠣᠯᠠᠨ ᠤ ᠬᠠᠨᠤᠮᠵᠢ ᠲᠠᠢ ᠪᠠᠶᠢᠬᠤ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠬᠤ ᠬᠡᠷᠡᠭᠲᠡᠢ᠃ ᠵᠥᠪ ᠶᠠᠷᠢᠶ᠎ᠠ ᠬᠡᠯᠡᠯᠴᠡᠭᠡᠨ ᠤ | ᠤᠳᠤᠷᠢᠳᠤᠮᠵᠢ ᠶᠢ ᠡᠵᠡᠮᠳᠡᠵᠦ᠂ ᠶᠠᠷᠢᠶ᠎ᠠ ᠬᠡᠯᠡᠯᠴᠡᠭᠡᠨ ᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | | |