ᠤᠳᠤᠷᠢᠳᠬᠤ ᠪᠠᠭ ᠳᠠᠭᠠᠭᠤᠯᠤᠨ ᠰᠤᠷᠤᠯᠴᠠᠵᠤ᠂ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠪᠠ᠃ ︽ | ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠬᠤᠷᠢᠶᠠᠨ ᠤ ᠤᠨᠤᠯ ᠤᠨ ᠭᠤᠣᠯ | ᠳᠤᠭᠤᠶᠢᠯᠠᠩ ᠤᠨ ᠰᠤᠷᠤᠯᠴᠠᠯᠭ᠎ᠠ ᠶᠢ ᠰᠠᠶᠢᠲᠤᠷ ᠬᠢᠵᠦ᠂ ᠪᠦᠬᠦ ᠵᠢᠯ ᠤᠨ ᠨᠠᠮ ᠤᠨ ᠬᠤᠷᠢᠶᠠᠨ ᠤ ᠤᠳᠤᠷᠢᠳᠬᠤ | ᠪᠠᠭ ᠤᠨ ᠬᠤᠷᠠᠯ ᠤᠨ ᠰᠤᠷᠤᠯᠴᠠᠯᠭ᠎ᠠ ᠶᠢ 32 ᠤᠳᠠᠭ᠎ᠠ᠂ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ | ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ 16 ᠤᠳᠠᠭ᠎ᠠ᠂ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ ᠬᠤᠷᠠᠯ ᠢ 8 ᠤᠳᠠᠭ᠎ᠠ᠂ ᠲᠤᠰᠬᠠᠢ ᠰᠡᠳᠦᠪᠲᠦ ᠤᠩᠰᠢᠯᠭ᠎ᠠ ᠶᠢᠨ ᠠᠩᠬᠢ ᠶᠢ 2 ᠡᠳᠦᠷ ᠡᠷᠬᠢᠯᠡᠪᠡ᠃ | ᠨᠠᠮ ᠤᠨ ᠭᠡᠰᠢᠭᠦᠨ ᠬᠠᠮᠲᠤᠪᠠᠷ ᠰᠤᠷᠤᠯᠴᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠪᠠ᠃ ︽ | ᠭᠠᠷᠠᠭ ᠤᠨ ᠲᠣᠭᠲᠠᠮᠠᠯ ᠬᠤᠷᠠᠯ︾᠂ ︽ᠭᠤᠷᠪᠠᠨ ᠬᠤᠷᠠᠯ ᠨᠢᠭᠡ ᠬᠢᠴᠢᠶᠡᠯ︾᠂ ︽ᠭᠤᠣᠯ ᠰᠡᠳᠦᠪᠲᠦ ᠨᠠᠮ ᠤᠨ | ᠡᠳᠦᠷ︾ ᠵᠡᠷᠭᠡ ᠠᠵᠠ ᠲᠣᠬᠢᠶᠠᠯ ᠲᠠᠢ ᠤᠶᠠᠯᠳᠤᠭᠤᠯᠤᠨ᠂ ᠨᠠᠮ ᠤᠨ ᠤᠨᠤᠯ ᠤᠨ ᠰᠤᠷᠤᠯᠴᠠᠯᠭ᠎ᠠ ᠶᠢ ᠡᠯ᠎ᠡ ᠵᠦᠢᠯ ᠤᠨ | ᠲᠤᠬᠠᠶᠢᠯᠠᠭᠰᠠᠨ ᠠᠵᠢᠯ ᠳᠤ ᠲᠤᠭᠤᠰᠢᠯᠠᠭᠤᠯᠵᠤ᠂ ︽ᠬᠤᠷᠠᠯ ᠢᠶᠠᠷ ᠲᠠᠶᠢᠯᠪᠤᠷᠢᠯᠠᠬᠤ ᠶᠢ ᠣᠷᠣᠯᠠᠭᠤᠯᠬᠤ︾ ᠶᠢ ᠭᠠᠷᠠᠭ | ᠪᠦᠷᠢ 1 ᠤᠳᠠᠭ᠎ᠠ ᠥᠷᠨᠢᠭᠦᠯᠵᠦ᠂ ᠡᠯ᠎ᠡ ᠨᠠᠮ ᠤᠨ ᠡᠭᠦᠷ ︽ᠭᠤᠣᠯ ᠰᠡᠳᠦᠪᠲᠦ ᠨᠠᠮ ᠤᠨ ᠡᠳᠦᠷ︾ ᠢ 12 | ᠤᠳᠠᠭ᠎ᠠ ᠥᠷᠨᠢᠭᠦᠯᠵᠦ᠂ ᠪᠠᠭ ᠤᠨ ᠪᠦᠷᠢᠯᠳᠦᠬᠦᠨ ᠲᠦᠷᠦᠭᠦᠯᠡᠨ 12 ᠲᠠᠯᠠᠪᠠᠢ ᠬᠡᠰᠡᠭ ᠢ ᠳᠠᠭᠠᠭᠠᠴᠢᠯᠠᠨ | ᠤᠬᠠᠭᠤᠯᠤᠨ ᠲᠠᠶᠢᠯᠪᠤᠷᠢᠯᠠᠪᠠ᠃ ᠠᠵᠢᠯᠯᠠᠭ᠎ᠠ ᠨᠢ ᠰᠤᠷᠤᠯᠴᠠᠯᠭ᠎ᠠ ᠶᠢ ᠠᠬᠢᠭᠤᠯᠵᠤ᠂ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠪᠠ᠃ | ᠨᠠᠮ ᠪᠠᠶᠢᠭᠤᠯᠤᠭᠳᠠᠭᠰᠠᠨ ᠪᠠᠶᠠᠷ᠂ ᠤᠯᠤᠰ ᠤᠨ ᠪᠠᠶᠠᠷ ᠵᠡᠷᠭᠡ ᠴᠢᠬᠤᠯᠠ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠲᠤ ᠲᠦᠰᠢᠭᠯᠡᠨ᠂ ᠠᠬ᠎ᠠ ᠳᠡᠭᠦᠦ ᠰᠢᠶᠠᠩ ᠪᠠᠯᠭᠠᠰᠤ ᠵᠢᠴᠢ ᠬᠠᠷᠢᠶ᠎ᠠ ᠣᠷᠣᠨ ᠤ ᠲᠡᠷᠢᠭᠦᠨ ᠤ | ᠭᠠᠴᠠᠭ᠎ᠠ ᠳᠤ ᠬᠦᠷᠴᠦ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠬᠦᠷᠲᠡᠪᠡ᠃ | ᠬᠤᠰᠢᠭᠤᠴᠢ ᠭᠤᠤᠯᠯᠠᠭᠴᠢ ᠡᠩᠨᠡᠭᠡ ᠶᠢ ᠬᠥᠮᠦᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠠᠮ ᠤᠨ ᠬᠤᠷᠢᠶ᠎ᠠ᠂ | ᠨᠠᠮ ᠤᠨ ᠡᠭᠦᠷ᠂ ᠨᠠᠮ ᠤᠨ ᠭᠡᠰᠢᠭᠦᠨ ᠬᠤᠪᠢ ᠬᠥᠮᠦᠨ ᠤ 3 ᠬᠡᠮ ᠢᠶᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠤᠯ ᠰᠡᠳᠦᠪᠲᠦ ᠪᠣᠯᠪᠠᠰᠤᠷᠠᠯ ᠢ 2 ᠤᠳᠠᠭ᠎ᠠ ᠥᠷᠨᠢᠭᠦᠯᠵᠦ᠂ ᠠᠯᠤᠰ ᠡᠵᠡᠮᠰᠢᠯᠲᠦ ᠰᠤᠷᠭᠠᠨ | ᠬᠥᠮᠦᠵᠢᠯ ᠤᠨ ᠲᠠᠪᠴᠠᠩ ᠢᠶᠠᠷ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ 4 ᠤᠳᠠᠭ᠎ᠠ ᠪᠠᠷᠢᠮᠲᠠᠲᠤ ᠹᠢᠯᠢᠮ ᠢ | ᠰᠣᠨᠢᠷᠬᠠᠪᠠ᠃ |