1 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ | ᠬᠤᠷᠢᠶᠠᠨ ᠤ ᠱᠦᠵᠢ ᠭᠦᠸᠧ ᠲᠢᠶᠠᠨ ᠪᠦᠦ ᠬᠤᠷᠠᠯ ᠡᠷᠬᠢᠯᠡᠪᠡ᠃ | | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠣᠯᠤᠨ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠰᠠᠶᠢᠲᠤᠷ | ᠠᠳᠬᠤᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠤᠨ ᠥᠭᠡᠷᠡᠴᠢᠯᠡᠯᠲᠡ ᠬᠥᠭᠵᠢᠯᠲᠡ ᠳᠤ | ᠦᠢᠯᠡᠴᠢᠯᠡᠬᠦ ᠶᠠᠪᠤᠴᠠ ᠳᠤ ᠨᠡᠩ ᠶᠡᠭᠡ ᠦᠢᠯᠡᠳᠦᠯ ᠦᠵᠡᠭᠦᠯᠬᠦ ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ | ᠡᠭᠦᠷᠭᠡᠯᠡᠵᠦ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ | ᠡᠰᠡᠷᠭᠦᠴᠡᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ | ᠲᠣᠭᠤᠷᠢᠨ ᠢ ᠪᠣᠢ ᠪᠣᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠬᠢᠨᠠᠯᠲᠠ | ᠪᠠ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠲᠠᠯ ᠢᠯᠵᠢᠷᠡᠯ ᠢ | ᠵᠡᠷᠭᠡᠪᠡᠷ ᠪᠠᠶᠢᠴᠠᠭᠠᠨ ᠵᠡᠷᠭᠡᠪᠡᠷ ᠵᠠᠰᠠᠬᠤ ᠶᠢ ᠭᠦᠨᠵᠡᠭᠡᠢ ᠠᠬᠢᠭᠤᠯᠵᠤ᠂ ᠡᠯ᠎ᠡ ᠲᠥᠷᠥᠯ ᠤᠨ ᠳᠠᠯᠳᠠ ᠬᠤᠪᠢᠷᠠᠯᠲᠠ ︽ | ᠳᠦᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠱᠠᠮᠰᠢᠬᠤ ᠢᠯᠵᠢᠷᠡᠯ ᠢ ᠡᠷᠡᠰ | ᠭᠤᠶᠢᠪᠢᠰᠢ ᠦᠭᠡᠢ ᠵᠠᠰᠠᠵᠤ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠶᠢ ᠪᠣᠢ ᠪᠣᠯᠭᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ | ᠣᠷᠣᠨ ᠤ ︽ᠬᠤᠶᠠᠷ ᠬᠤᠷᠠᠯ︾ ᠤᠨ ᠭᠠᠷᠭᠠᠭᠰᠠᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ | ᠨᠢᠭᠡ ᠭᠤᠣᠯ ᠰᠢᠵᠢᠮ ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠤᠨ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ | ᠠᠵᠢᠯᠯᠠᠭ᠎ᠠ︾ ᠥᠷᠨᠢᠭᠦᠯᠵᠦ᠂ ᠶᠡᠬᠡᠪᠡᠷ ᠠᠵᠢᠯᠯᠠᠵᠤ ᠲᠦᠷᠭᠡᠨ ᠠᠵᠢᠯᠯᠠᠨ᠂ ᠪᠣᠳᠠᠲᠠᠢ ᠠᠵᠢᠯᠯᠠᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠮᠠᠨ ᠤ | ᠬᠤᠰᠢᠭᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠵᠠᠢ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ | ᠂ ᠤᠯᠠᠭᠠᠨ ᠱᠤᠭᠤᠮ ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠰᠠᠬᠢᠵᠤ᠂ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠪᠦᠬᠦ ᠬᠤᠰᠢᠭᠤᠨ ᠤ ᠠᠷᠠᠳ ᠲᠦᠮᠡᠨ ᠤ ᠪᠠᠶᠠᠷ ᠬᠦᠷ ᠲᠠᠢ᠂ ᠥᠯᠵᠡᠢ | ᠪᠡᠯᠭᠡ ᠲᠠᠢ᠂ ᠠᠮᠤᠷ ᠠᠮᠤᠭᠤᠯᠠᠩ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |