ᠤᠶᠢᠷ᠎ᠠ ᠳᠤ᠂ ᠤᠯᠤᠰ ᠤᠨ ᠰᠢᠦᠳᠠᠨ ᠤ ᠶᠠᠪᠤᠳᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠢᠯᠡᠷᠬᠡᠢᠯᠡᠭᠰᠡᠨ ᠨᠢ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ | ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠣᠨᠴᠠᠯᠢᠭ ᠲᠤ ᠴᠢᠭᠯᠡᠭᠦᠯᠦᠨ᠂ ᠪᠠᠲᠤᠯᠠᠭ᠎ᠠ ᠶᠢᠨ ᠠᠵᠢᠯ ᠤᠨ ᠲᠥᠰᠦᠯ | ᠲᠣᠭᠲᠠᠭᠠᠵᠤ᠂ ᠲᠤᠰᠬᠠᠢ ᠵᠦᠢᠯ ᠤᠨ ᠪᠠᠶᠢᠷᠢᠯᠠᠭᠤᠯᠤᠯᠳᠠ ᠬᠢᠵᠦ᠂ ᠵᠢᠯ ᠤᠨ ᠪᠠᠷᠠᠭᠠᠨ ᠤ ᠬᠦᠷᠭᠡᠯᠲᠡ ᠶᠢᠨ | ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠬᠠᠮᠲᠤ ᠲᠦᠷᠭᠡᠨ ᠬᠦᠷᠭᠡᠭᠴᠢ ᠶᠢᠨ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠬᠠᠮᠠᠭᠠᠯᠠᠨ᠎ᠠ ᠭᠡᠵᠡᠢ᠃ | ᠣᠯᠠᠨ ᠺᠣᠮᠫᠠᠨᠢ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠬᠦᠷᠭᠡᠬᠦ ᠦᠢᠯᠡᠴᠢᠯᠡᠭᠡ ᠬᠠᠩᠭᠠᠬᠤ | ᠪᠤᠯᠤᠨ᠎ᠠ᠃ | ᠱᠦᠨ ᠹᠧᠩ ᠲᠦᠷᠭᠡᠨ ᠳᠠᠮᠵᠢᠭᠤᠯᠭ᠎ᠠ᠄ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠮᠥᠨ ᠯᠡ | ᠦᠢᠯᠡᠴᠢᠯᠡᠭᠡᠨ ᠤ ᠠᠮᠠᠯᠠᠯᠲᠠ ᠪᠠᠨ ᠪᠠᠲᠤ ᠰᠠᠬᠢᠵᠤ ᠲᠦᠷᠭᠡᠨ ᠬᠦᠷᠭᠡᠬᠦ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ | ᠪᠠᠲᠤᠯᠠᠨ᠎ᠠ᠃ 1 ᠰᠠᠷ᠎ᠠ ᠶᠢᠨ 28 ᠤ ᠡᠳᠦᠷ ᠠᠴᠠ 2 ᠰᠠᠷ᠎ᠠ ᠶᠢᠨ 4 ᠤ ᠡᠳᠦᠷ ᠤᠨ ᠴᠠᠭᠠᠨ ᠰᠠᠷ᠎ᠠ ᠶᠢᠨ | ᠠᠮᠠᠷᠠᠯᠲᠠ ᠶᠢᠨ ᠬᠤᠭᠤᠴᠠᠭᠠᠨ ᠳᠤ᠂ ᠱᠦᠨ ᠹᠧᠩ ᠢᠯᠡᠭᠡᠬᠦ ᠦᠢᠯᠡᠴᠢᠯᠡᠭᠡ ᠠᠴᠠ ᠡᠬᠢ ᠪᠠᠶᠠᠯᠢᠭ ᠢ ᠲᠣᠬᠢᠷᠠᠭᠤᠯᠬᠤ | ᠰᠦᠢᠳᠬᠡᠯ ᠨᠡᠮᠡᠵᠦ ᠬᠤᠷᠢᠶᠠᠨ᠎ᠠ᠃ | ᠵᠥᠩ ᠲᠦᠩ ᠲᠦᠷᠭᠡᠨ ᠬᠦᠷᠭᠡᠯᠲᠡ᠄ ᠡᠨᠡ ᠵᠢᠯ ︽ᠴᠠᠭᠠᠨ ᠰᠠᠷ᠎ᠠ ᠡᠭᠦᠳᠡ ᠪᠠᠨ ᠬᠠᠭᠠᠬᠤ ᠥᠬᠡᠶ︾ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠲᠦᠷᠭᠡᠨ | ᠬᠦᠷᠭᠡᠯᠲᠡ ᠶᠢᠨ ᠪᠠᠷᠠᠭᠠᠨ ᠤ ᠬᠦᠢᠯᠭᠡᠭᠡ ᠬᠡᠪ ᠤᠨ ᠶᠣᠰᠣᠭᠠᠷ ᠶᠠᠪᠤᠭᠳᠠᠵᠤ᠂ 1 ᠰᠠᠷ᠎ᠠ ᠶᠢᠨ 28 ᠤ ᠡᠳᠦᠷ ︵ | ᠬᠥᠬᠡᠭᠡ ᠰᠠᠷ᠎ᠠ ᠶᠢᠨ ᠬᠤᠷᠢ ᠶᠢᠰᠦ︶ ᠠᠴᠠ 2 ᠰᠠᠷ᠎ᠠ ᠶᠢᠨ 4 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ | ᠲᠤᠯᠤᠭᠠᠨ︶ ᠪᠤᠯᠳᠠᠯ᠎ᠠ ᠬᠡᠰᠡᠭ ᠲᠣᠤᠷ ᠴᠡᠭ ᠨᠢ ᠵᠢᠵᠢᠭᠦᠷᠯᠡᠵᠦ᠂ ᠬᠦᠴᠦᠨ ᠲᠠᠢ ᠬᠤᠭᠤᠴᠠᠭ᠎ᠠ ᠨᠢ ᠬᠤᠶᠢᠰᠢᠯᠠᠬᠤ | ᠪᠣᠯᠤᠨ᠎ᠠ᠃ | ᠵᠢᠩ ᠳ᠋ᠦᠩ ᠡᠳ᠋ ᠪᠠᠷᠠᠭᠠᠨ ᠤ ᠭᠦᠢᠯᠭᠡᠭᠡ᠄ 13 ᠵᠢᠯ ᠳᠠᠷᠠᠭᠠᠯᠠᠨ ︽ᠴᠠᠭᠠᠨ ᠰᠠᠷ᠎ᠠ ᠪᠠᠷᠠᠭ᠎ᠠ ᠬᠦᠷᠭᠡᠬᠦ︾ | ᠦᠢᠯᠡᠴᠢᠯᠡᠭᠡ ᠦᠷᠨᠢᠬᠦᠯᠪᠡ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠵᠢᠩ ᠳ᠋ᠦᠩ ᠪᠠᠷᠠᠭᠠᠨ ᠤ ᠭᠦᠢᠯᠭᠡᠭᠡᠨ ᠤ | ᠬᠥᠮᠥᠷᠭᠡ ᠶᠢᠨ ᠲᠣᠬᠢᠷᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠨᠢ ᠬᠡᠪ ᠤᠨ ᠡᠵᠡᠩᠨᠡᠯᠲᠡ ᠶᠢ | ᠪᠠᠲᠤᠯᠠᠵᠤ᠂ ᠲᠡᠭᠡᠭᠡᠪᠦᠷᠢ ᠶᠢ ᠵᠣᠭᠰᠣᠭᠠᠬᠤ ᠦᠭᠡᠢ᠂ ᠦᠨ᠎ᠡ ᠥᠰᠬᠡᠬᠦ ᠦᠭᠡᠢ ᠪᠠᠶᠢᠬᠤ ᠵᠠᠷᠴᠢᠮ ᠢ ᠵᠢᠷᠤᠮᠯᠠᠨ᠂ | ᠲᠡᠭᠡᠭᠡᠪᠦᠷᠢ ᠶᠢᠨ ᠭᠤᠭᠴᠤᠭ᠎ᠠ ᠶᠢ ᠵᠣᠭᠰᠣᠭᠠᠬᠤ ᠦᠭᠡᠢ᠂ ᠥᠷᠭᠡᠨ ᠣᠯᠠᠨ ᠬᠡᠷᠡᠭᠯᠡᠭᠴᠢᠳ ᠲᠤ ᠦᠷᠭᠦᠯᠵᠢᠯᠡᠨ | ᠲᠣᠭᠲᠠᠭᠤᠨ ᠪᠠᠷᠠᠭᠠᠨ ᠤ ᠭᠦᠢᠯᠭᠡᠭᠡᠨ ᠤ ᠳᠡᠮᠵᠢᠯᠭᠡ ᠬᠠᠩᠭᠠᠨ᠎ᠠ᠃ | ᠳ᠋ᠧ ᠪᠠᠩ ᠲᠦᠷᠭᠡᠨ ᠬᠦᠷᠭᠡᠯᠲᠡ᠄ ᠠᠯᠪᠠᠨ ᠵᠠᠷ ᠲᠤ ᠢᠯᠡᠷᠡᠭᠦᠯᠦᠭᠰᠡᠨ ᠢᠶᠠᠷ᠂ ᠬᠡᠷᠡᠭᠯᠡᠭᠴᠢᠳ ᠤᠨ ︽ᠰᠢᠨ᠎ᠡ | ᠵᠢᠯ ᠤᠨ ᠪᠠᠷᠠᠭᠠᠨ ᠤ ᠪᠠᠶᠠᠷ︾ ᠵᠢᠴᠢ ︽ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠢᠯᠡᠭᠡᠯᠲᠡ ᠶᠢᠨ | ᠦᠢᠯᠡᠴᠢᠯᠡᠭᠡᠨ ᠤ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠬᠥᠳᠡᠯᠦᠩᠭᠦᠢ ᠪᠠᠷ | ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠲᠣᠬᠢᠷᠠᠭᠤᠯᠤᠨ᠎ᠠ᠃ 1 ᠰᠠᠷ᠎ᠠ ᠶᠢᠨ 3 ᠤ ᠡᠳᠦᠷ ᠠᠴᠠ 1 ᠰᠠᠷ᠎ᠠ ᠶᠢᠨ | 27 ᠤ ᠡᠳᠦᠷ ᠪᠣᠯᠲᠠᠯᠠᠬᠢ ᠬᠤᠭᠤᠴᠠᠭᠠᠨ ᠳᠤ᠂ ᠬᠡᠰᠡᠭ ᠵᠣᠴᠢᠨ ᠡᠷᠦᠬᠡ᠂ ᠬᠡᠰᠡᠭ ᠦᠢᠯᠡᠳᠬᠦᠨ ᠠᠴᠠ 0.2 | ᠲᠥᠭᠦᠷᠢᠭ - 0.5 ᠲᠥᠭᠦᠷᠢᠭ / kg ᠬᠤᠷᠢᠶᠠᠵᠤ᠂ 1 ᠰᠠᠷ᠎ᠠ ᠶᠢᠨ 28 ᠤ ᠡᠳᠦᠷ ᠠᠴᠠ 2 ᠰᠠᠷ᠎ᠠ ᠶᠢᠨ 4 ᠤ | ᠡᠳᠦᠷ ᠪᠣᠯᠲᠠᠯᠠᠬᠢ ᠬᠤᠭᠤᠴᠠᠭᠠᠨ ᠳᠤ᠂ ᠬᠡᠰᠡᠭ ᠵᠣᠴᠢᠨ ᠡᠷᠦᠬᠡ᠂ ᠬᠡᠰᠡᠭ ᠦᠢᠯᠡᠳᠬᠦᠨ ᠠᠴᠠ ᠡᠬᠢ ᠪᠠᠶᠠᠯᠢᠭ ᠢ | ᠲᠣᠬᠢᠷᠠᠭᠤᠯᠬᠤ ᠰᠦᠢᠳᠬᠡᠯ ᠨᠡᠮᠡᠵᠦ ᠬᠤᠷᠢᠶᠠᠬᠤ ᠪᠣᠯᠤᠨ᠎ᠠ᠃ | ᠱᠧᠨ ᠲᠦᠩ ᠲᠦᠷᠭᠡᠨ ᠬᠦᠷᠭᠡᠯᠲᠡ ᠴᠠᠭᠠᠨ ᠰᠠᠷ᠎ᠠ ᠶᠢᠨ ᠬᠤᠭᠤᠴᠠᠭᠠᠨ ᠳᠤ ᠬᠦᠷᠭᠡᠬᠦ ᠦᠢᠯᠡᠴᠢᠯᠡᠭᠡ ᠪᠠᠨ | ᠵᠤᠭᠰᠤᠭᠠᠬᠤ ᠥᠬᠡᠢ᠃ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠱᠧᠨ ᠲᠦᠩ ᠲᠦᠷᠭᠡᠨ ᠬᠦᠷᠭᠡᠯᠲᠡ ᠪᠠᠰᠠ | ᠴᠠᠭᠠᠨ ᠰᠠᠷ᠎ᠠ ᠶᠢᠨ ᠬᠤᠭᠤᠴᠠᠭᠠᠨ ᠳᠤ ᠬᠢᠯᠢ ᠬᠢᠵᠠᠭᠠᠷ ᠣᠷᠣᠨ ᠳᠤ ᠲᠥᠪᠯᠡᠷᠡᠭᠦᠯᠦᠨ ᠲᠡᠭᠡᠭᠡᠪᠦᠷᠢᠯᠡᠬᠦ ᠦᠢᠯᠡᠴᠢᠯᠡᠭᠡ | ᠬᠠᠩᠭᠠᠵᠤ᠂ ᠦᠷᠦᠮᠴᠢ᠂ ᠯᠾᠠᠰᠠ ᠵᠡᠷᠭᠡ 23 ᠬᠤᠲᠠ ᠶᠢᠨ ᠭᠤᠤᠯ ᠣᠷᠣᠨ ᠪᠦᠰᠡ ᠶᠢ ᠪᠠᠭᠲᠠᠭᠠᠵᠤ᠂ | ᠬᠡᠷᠡᠭᠯᠡᠭᠴᠢᠳ ᠲᠤ ᠰᠠᠶᠢᠨ ᠰᠠᠶᠢᠬᠠᠨ ᠦᠨ᠎ᠡ ᠲᠠᠢ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠤᠭᠤᠯᠬᠤ ᠪᠤᠯᠤᠨ᠎ᠠ᠃ | | ᠳᠡᠭᠡᠷᠡᠬᠢ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠠᠴᠠ ᠭᠠᠳᠠᠨ᠎ᠠ᠂ ᠣᠳᠣᠬᠠᠨ ᠳᠤ ᠶᠦᠨ ᠳ᠋ᠡ ᠲᠦᠷᠭᠡᠨ | ᠬᠦᠷᠭᠡᠯᠲᠡ᠂ ᠶᠤᠸᠠᠨ ᠲᠦᠩ ᠲᠦᠷᠭᠡᠨ ᠬᠦᠷᠭᠡᠯᠲᠡ ᠴᠠᠭᠠᠨ ᠰᠠᠷ᠎ᠠ ᠶᠢᠨ ᠡᠵᠡᠩᠨᠡᠯᠲᠡ ᠶᠢᠨ ᠪᠠᠶᠢᠳᠠᠯ ᠢ ᠲᠦᠷ | ᠨᠡᠶᠢᠲᠡᠯᠡᠭᠡ ᠦᠭᠡᠢ ᠪᠣᠯᠪᠠᠴᠤ ᠨᠢᠳᠤᠨᠤᠨ ᠠᠴᠠ ᠠᠪᠴᠤ ᠦᠵᠡᠪᠡᠯ᠂ ᠬᠡᠳᠦᠨ ᠺᠣᠮᠫᠠᠨᠢ ᠴᠥᠮ ᠴᠠᠭᠠᠨ ᠰᠠᠷ᠎ᠠ ᠶᠢᠨ | ᠠᠮᠠᠷᠠᠯᠲᠠ ᠶᠢᠨ ᠬᠤᠭᠤᠴᠠᠭᠠᠨ ᠤ ᠬᠦᠷᠭᠡᠯᠲᠡ ᠶᠢᠨ ᠦᠢᠯᠡᠴᠢᠯᠡᠭᠡ ᠪᠠᠨ ᠵᠤᠭᠰᠤᠭᠠᠭᠰᠠᠨ ᠦᠭᠡᠢ ᠃ | ᠠᠩᠬᠠᠷᠤᠭᠤᠰᠢᠲᠠᠶ ᠨᠢ᠂ ᠬᠡᠳᠦ᠋ᠢᠪᠡᠷ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠠᠮᠠᠷᠠᠯᠲᠠ ᠶᠢᠨ | ᠬᠤᠭᠤᠴᠠᠭᠠᠨ ᠤ ᠬᠦᠷᠭᠡᠯᠲᠡ ᠶᠢᠨ ᠦᠢᠯᠡᠴᠢᠯᠡᠭᠡ ᠶᠢ ᠪᠠᠲᠤᠯᠠᠬᠤ ᠪᠣᠯᠪᠠᠴᠤ ᠬᠡᠰᠡᠭ ᠬᠤᠯᠪᠤᠭᠠᠯᠠᠬᠤ ᠮᠠᠶ᠋ᠢᠭ ᠤᠨ | ᠲᠣᠤᠷ ᠴᠡᠭ᠂ ᠤᠯᠠᠭ᠎ᠠ ᠦᠷᠳᠡᠭᠡ ᠨᠢ ᠡᠵᠡᠩᠨᠡᠯᠲᠡ ᠪᠠᠨ ᠲᠦᠷ ᠵᠣᠭᠰᠣᠭᠠᠬᠤ ᠶᠢ ᠰᠣᠩᠭᠤᠵᠤ ᠮᠡᠳᠡᠨ᠎ᠡ᠂ ᠬᠦᠷᠭᠡᠬᠦ | ᠬᠡᠷᠡᠭᠴᠡᠭᠡ ᠪᠦᠬᠦᠢ ᠬᠡᠷᠡᠭᠯᠡᠭᠴᠢᠳ ᠤᠷᠢᠳᠴᠢᠯᠠᠨ ᠵᠠᠬᠢᠳᠠᠯ ᠢᠷᠡᠭᠦᠯᠬᠦ ᠪᠤᠶᠤ ᠲᠦᠷᠭᠡᠨ ᠬᠦᠷᠭᠡᠯᠲᠡ ᠶᠢᠨ ᠠᠵᠤ | ᠠᠬᠤᠶᠢᠯᠠᠯ ᠤᠨ App᠂ ᠵᠢᠵᠢᠭ ᠫᠷᠤᠭ᠍ᠷᠠᠮ ᠵᠡᠷᠭᠡ ᠪᠠᠷ ᠳᠠᠮᠵᠢᠭᠤᠯᠤᠨ ᠲᠣᠣᠷ ᠴᠡᠭ ᠤᠨ ᠡᠵᠡᠩᠨᠡᠯᠲᠡ ᠶᠢᠨ ᠪᠠᠶᠢᠳᠠᠯ ᠢ | ᠣᠶᠢᠯᠠᠭᠠᠵᠤ ᠪᠣᠯᠤᠨ᠎ᠠ᠃ | |