ᠭᠡᠷ ᠤᠨ ᠴᠠᠬᠢᠯᠭᠠᠨ ᠬᠡᠷᠡᠭᠰᠡᠯ᠂ ᠭᠠᠷ ᠤᠲᠠᠰᠤᠨ ᠤ ᠬᠠᠮᠤᠭ ᠤᠨ ᠶᠡᠭᠡ ᠨᠥᠬᠦᠪᠥᠷᠢ 2000 ᠲᠥᠭᠦᠷᠢᠭ ᠤᠯᠭᠤᠬᠤ ᠪᠤᠯᠤᠨ᠎ᠠ
ᠨᠡᠶᠢᠲᠡᠯᠡᠭᠰᠡᠨ ᠴᠠᠭ᠄
2025/1/22
     1 ᠰᠠᠷ᠎ᠠ ᠶᠢᠨ 20 ᠤ ᠡᠳᠦᠷ ᠠᠴᠠ ᠡᠬᠢᠯᠡᠨ᠂ ᠭᠠᠷ ᠤᠲᠠᠰᠤ᠂ ᠺᠣᠮᠫᠢᠦ᠋ᠲ᠋ᠧᠷ ᠪᠣᠯᠣᠨ ᠤᠶᠤᠨᠲᠤ ᠭᠠᠷ ᠴᠠᠭ ᠵᠡᠷᠭᠡ ᠶᠢ ᠬᠤᠳᠠᠯᠳᠤᠨ ᠠᠪᠬᠤ ᠳᠤ ᠪᠦᠷ ᠤᠯᠤᠰ ᠤᠨ ᠨᠥᠬᠦᠪᠦᠷᠢ ᠣᠯᠭᠤᠨ᠎ᠠ᠃ ᠣᠶᠢᠷ᠎ᠠ ᠳᠤ ᠬᠤᠳᠠᠯᠳᠤᠭᠠᠨ ᠤ ᠶᠠᠪᠤᠳᠠᠯ ᠤᠨ ᠶᠠᠮᠤᠨ ᠲᠤᠰᠬᠠᠶᠢᠯᠠᠨ ᠨᠥᠬᠦᠪᠥᠷᠢ ᠬᠦᠷᠳᠡᠭᠡᠬᠦ ᠲᠣᠳᠣᠷᠬᠠᠶᠢᠯᠠᠯᠲᠠ ᠬᠢᠪᠡ᠃      ᠡᠨᠡ ᠤᠳᠠᠭ᠎ᠠ ᠶᠢᠨ ᠤᠯᠤᠰ ᠤᠨ ᠨᠥᠬᠦᠪᠦᠷᠢ ᠶᠢᠨ ᠴᠢᠬᠤᠯᠠ ᠭᠤᠷᠪᠠᠨ ᠲᠤᠭ᠎ᠠ ᠨᠢ 6000 ᠲᠥᠭᠦᠷᠢᠭ᠂ 15% ᠪᠠ 500 ᠲᠥᠭᠦᠷᠢᠭ ᠪᠤᠯᠤᠨ᠎ᠠ᠃     ᠬᠤᠳᠠᠯᠳᠤᠨ ᠠᠪᠤᠭᠰᠠᠨ ᠭᠠᠷ ᠤᠲᠠᠰᠤ ᠵᠡᠷᠭᠡ ᠡᠯᠧᠺᠲᠷᠤᠨ ᠦᠢᠯᠡᠳᠭᠡᠭᠦᠨ ᠤ ᠳᠠᠩ ᠦᠨ᠎ᠡ ᠨᠢ 6000 ᠲᠥᠭᠦᠷᠢᠭ ᠢ ᠳᠠᠪᠠᠵᠤ ᠪᠣᠯᠬᠤ ᠦᠭᠡᠢ᠂ 6000 ᠲᠥᠭᠦᠷᠢᠭ ᠢ ᠲᠠᠪᠠᠪᠠᠯ ᠨᠦᠬᠦᠪᠦᠷᠢ ᠦᠭᠬᠦ ᠦᠭᠡᠢ᠃    ᠦᠢᠯᠡᠳᠭᠦᠨ ᠤ ᠪᠣᠷᠣᠯᠠᠭᠤᠯᠭ᠎ᠠ ᠶᠢᠨ ᠦᠨ᠎ᠡ ᠶᠢᠨ 15% ᠪᠠᠷ ᠨᠥᠬᠦᠪᠥᠷᠢ ᠥᠭᠭᠦᠨ᠎ᠡ᠂ ᠡᠨᠡ ᠪᠣᠯ ᠬᠤᠳᠠᠯᠳᠤᠬᠤ ᠦᠨ᠎ᠡ ᠶᠢ ᠵᠢᠭᠠᠵᠤ ᠪᠠᠶᠢᠨ᠎ᠠ᠂ ᠬᠡᠷᠪᠡ ᠲᠠᠨ ᠤ ᠠᠪᠬᠤ ᠭᠠᠷ ᠤᠲᠠᠰᠤᠨ ᠤ ᠲᠡᠮᠳᠡᠭ ᠤᠨ ᠦᠨ᠎ᠡ ᠨᠢ 8000 ᠲᠥᠭᠦᠷᠢᠭ᠂ ᠭᠡᠪᠡᠴᠦ ᠦᠢᠯᠡᠳᠪᠦᠷᠢ᠂ ᠬᠤᠳᠠᠯᠳᠤᠭᠠᠴᠢᠨ ᠤ ᠣᠯᠭᠤᠭᠰᠠᠨ ᠬᠠᠷᠠᠭᠠᠯᠵᠠᠯ ᠤᠨ ᠦᠨ᠎ᠡ ᠨᠢ 6000 ᠲᠥᠭᠦᠷᠢᠭ ᠪᠠᠶᠢᠪᠠᠯ᠂ ᠴᠢ ᠪᠠᠰᠠ ᠨᠥᠬᠦᠪᠥᠷᠢ ᠣᠯᠵᠤ ᠪᠣᠯᠤᠨ᠎ᠠ᠃    ᠵᠦᠢᠯ ᠪᠦᠷᠢ ᠶᠢᠨ ᠨᠥᠬᠦᠪᠥᠷᠢ ᠶᠢ 500 ᠲᠥᠭᠦᠷᠢᠭ ᠠᠴᠠ ᠬᠡᠲᠦᠷᠡᠭᠦᠯᠵᠦ ᠪᠣᠯᠬᠤ ‍ᠦᠭᠡᠢ᠃ ᠴᠢᠨᠦ ᠬᠤᠳᠠᠯᠳᠤᠨ ᠠᠪᠤᠭᠰᠠᠨ ᠨᠢ 6000 ᠲᠥᠭᠦᠷᠢᠭ ᠤᠨ ᠭᠠᠷ ᠤᠲᠠᠰᠤ᠂ 15% ᠤ ᠪᠠᠷᠢᠮᠵᠢᠶ᠎ᠠ ᠪᠠᠷ ᠪᠣᠳᠣᠵᠤ᠂ ᠨᠥᠬᠦᠪᠥᠷᠢ ᠨᠢ 900 ᠲᠥᠭᠦᠷᠢᠭ ᠬᠦᠷᠬᠦ‍ ᠰᠢᠭ ᠪᠣᠯᠪᠠᠴᠤ᠂ ᠦᠨᠡᠨ ᠳᠡᠭᠡᠨ ᠴᠢᠨᠦ ᠣᠯᠬᠤ ᠨᠥᠬᠦᠪᠥᠷᠢ ᠬᠠᠮᠤᠭ ᠥᠨᠳᠥᠷ ᠲᠡᠭᠡᠨ 500 ᠲᠥᠭᠦᠷᠢᠭ ᠪᠣᠯᠤᠨ᠎ᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号