1 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠵᠢᠴᠢ ᠪᠥᠬᠦ ᠬᠤᠲᠠ ᠶᠢᠨ | ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ | ᠭᠦᠸᠧ ᠲᠢᠶᠠᠨ ᠪᠦᠦ ᠬᠤᠷᠠᠯ ᠡᠷᠭᠢᠯᠡᠪᠡ᠃ | | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠬᠤᠷᠠᠯ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠳᠠ ᠶᠢᠨ ᠨᠠᠮ ᠤᠨ ᠬᠤᠷᠢᠶ᠎ᠠ ᠶᠢᠨ ᠡᠨᠡ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠬᠦᠳᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ | ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠰᠡᠳᠬᠢᠯ ᠲᠠᠯᠪᠢᠨ | ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠡᠩ ᠴᠢᠷᠮᠠᠶᠢᠨ | ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃ | | ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ | ᠠᠬᠤᠶ ᠶᠢᠨ ᠠᠵᠢᠯ ᠤᠨ ᠬᠤᠷᠠᠯ ᠪᠠ ᠪᠥᠬᠦ ᠬᠤᠰᠢᠭᠤᠨ ᠤ ᠬᠤᠶᠠᠷ ᠬᠤᠷᠠᠯ ᠤᠨ ᠬᠤᠯᠪᠣᠭᠳᠠᠯ ᠪᠥᠬᠦᠶ ᠤᠴᠢᠷ | ᠶᠠᠪᠤᠳᠠᠯ ᠢ ᠬᠢᠨᠠᠨ ᠵᠥᠪᠯᠡᠵᠦ᠂ 2025 ᠣᠨ ᠤ 1 ᠰᠠᠷ᠎ᠠ ᠶᠢᠨ 8 ᠤ ᠡᠳᠦᠷ ᠠᠴᠠ 12 ᠤᠨ ᠡᠳᠦᠷ ᠪᠣᠯᠲᠠᠯ᠎ᠠ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ | ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ᠂ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯ ᠪᠠ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ | ᠳᠥᠷᠪᠡᠳᠦᠭᠡᠷ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |