ᠨᠡᠶᠢᠲᠡᠯᠡᠭᠰᠡᠨ ᠴᠠᠭ᠄ 2024/12/27 | | ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 12 ᠳ᠋ᠤᠭᠠᠷ ᠰᠠᠷ᠎ᠠ ᠶᠢᠨ 23 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠠᠵᠤ | ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠰᠠᠨᠠᠯ︾ ᠢ | ᠬᠢᠨᠠᠨ ᠵᠥᠪᠯᠡᠵᠦ ᠪᠠᠲᠤᠯᠠᠭᠠᠳ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠤᠯᠪᠣᠭᠳᠠᠯ ᠪᠦᠬᠦᠢ ᠠᠷᠭ᠎ᠠ ᠪᠠᠷᠢᠯ ᠢ ᠪᠠᠶᠢᠷᠢᠯᠠᠭᠤᠯᠵᠤ᠂ ᠢᠳᠡᠭᠡᠨ ᠤ ᠠᠮᠤᠷ ᠲᠦᠪᠰᠢᠨ ᠤ ᠪᠥᠬᠦ | ᠬᠡᠯᠬᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠠᠮᠢᠶ᠎ᠠ ᠪᠦᠬᠦᠢ ᠠᠵᠢᠯ ᠢ ᠰᠤᠳᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠰᠢᠯᠵᠢᠭᠦᠯᠬᠦ ᠲᠥᠯᠥᠪᠦᠷᠢ ᠶᠢᠨ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ | ᠪᠠᠶᠢᠭᠤᠯᠬᠤ ᠬᠠᠷᠢᠭᠤ ᠮᠡᠳᠡᠭᠦᠯᠦᠯᠲᠡ ᠶᠢ ᠰᠣᠨᠣᠰᠴᠤ᠂ ︽ ᠺᠣᠮᠫᠠᠨᠢ ᠶᠢᠨ ᠢᠯᠡ ᠪᠠᠷ ᠰᠲ᠋ᠣᠺ ᠲᠠᠷᠬᠠᠭᠠᠬᠤ ᠳᠤ ᠦᠢᠯᠡᠴᠢᠯᠡᠭᠡ | ᠬᠠᠩᠭᠠᠬᠤ ᠵᠠᠭᠤᠴᠢ ᠪᠠᠶᠢᠭᠤᠯᠤᠮᠵᠢ ᠶᠢ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ | ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ | ᠪᠠᠶᠢᠴᠠᠭᠠᠯᠲᠠ ᠪᠣᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠠᠷᠭ᠎ᠠ ᠬᠡᠯᠪᠡᠷᠢ ᠮᠥᠨ᠂ ᠲᠡᠭᠦᠨ ᠤ ᠤᠭ | ᠵᠣᠷᠢᠯᠭ᠎ᠠ ᠨᠢ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ ᠶᠢ ᠵᠢᠷᠤᠮᠵᠢᠭᠤᠯᠬᠤ ᠪᠠ ᠬᠥᠲᠥᠯᠥᠨ ᠵᠢᠯᠤᠭᠤᠳᠬᠤ ᠶᠢᠨ | ᠲᠥᠯᠥᠭᠡ ᠶᠤᠮ᠃ ᠭᠡᠪᠡᠴᠦ ᠦᠢᠯᠡᠳᠦᠯᠭᠡ ᠶᠢᠨ ᠶᠠᠪᠤᠴᠠ ᠳᠤ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠤᠨ ᠠᠵᠤ | ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠪᠠᠨ ᠳᠤᠷ᠎ᠠ ᠪᠠᠷ ᠢᠶᠠᠨ ᠦᠢᠯᠡᠳᠴᠦ ᠪᠠᠶᠢᠭ᠎ᠠ | ᠠᠰᠠᠭᠤᠳᠠᠯ ᠪᠠᠶᠢᠨ ᠲᠠᠬᠢᠨ ᠭᠠᠷᠤᠭᠰᠠᠨ ᠠᠴᠠ ᠠᠵᠤ ᠠᠬᠤᠶᠢᠯᠠᠯ ᠤᠳ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠪᠠ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠠᠶᠢᠵᠢᠷᠠᠯᠲᠠ ᠶᠢ ᠨᠥᠯᠥᠭᠡᠯᠡᠵᠦ ᠪᠠᠶᠢᠨ᠎ᠠ᠃ ᠵᠠᠬ᠎ᠠ ᠳᠡᠯᠭᠡᠭᠦᠷ ᠤᠨ | ᠵᠢᠱᠢᠯᠲᠡ ᠶᠢ ᠲᠣᠭᠲᠠᠭᠤᠨ ᠪᠠᠶᠢᠯᠭᠠᠬᠤ ᠳᠤ ᠠᠩᠬᠠᠷᠤᠯ ᠢᠶᠠᠨ ᠬᠠᠨᠳᠤᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ | ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠩᠬᠠᠷᠤᠯ ᠲᠠᠯᠪᠢᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ | ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠤᠨ᠂ ᠳᠠᠪᠲᠠᠮᠵᠢ ᠪᠠᠨ ᠵᠦᠢ ᠵᠣᠬᠢᠰᠲᠠᠢ ᠲᠣᠬᠢᠷᠠᠭᠤᠯᠵᠤ᠂ | ᠡᠷᠴᠢᠮ ᠢᠶᠠᠨ ᠲᠣᠬᠢᠲᠠᠢ ᠡᠵᠡᠮᠳᠡᠨ᠂ ᠣᠨᠣᠪᠴᠢ ᠶᠢᠨ ᠬᠡᠮᠵᠢᠶ᠎ᠡ ᠪᠠᠨ ᠬᠦᠴᠦᠯᠡᠨ ᠳᠡᠭᠡᠭᠰᠢᠯᠡᠭᠦᠯᠵᠦ᠂ ᠪᠠᠶᠢᠴᠠᠭᠠᠯᠲᠠ ᠪᠠᠨ | ᠳᠤᠲᠠᠭᠳᠠᠭᠤᠯᠬᠤ ᠦᠭᠡᠢ ᠮᠥᠷᠲᠡᠭᠡᠨ ᠢᠯᠡᠭᠦᠴᠡ ᠪᠠᠶᠢᠴᠠᠭᠠᠯᠲᠠ ᠬᠢᠬᠦ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ | ᠃ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠪᠡᠶᠡᠴᠢ ᠴᠣᠭᠴᠠ ᠶᠢ ᠲᠣᠳᠣᠷᠬᠠᠶᠢᠯᠠᠨ᠂ ᠵᠠᠰᠠᠭ ᠵᠠᠬᠢᠷᠭᠠᠨ ᠤ | ᠪᠠᠶᠢᠴᠠᠭᠠᠯᠲᠠ ᠶᠢᠨ ᠵᠦᠢᠯᠡᠰ ᠢ ᠢᠯᠭᠠᠷᠠᠭᠤᠯᠤᠨ ᠨᠡᠶᠢᠲᠡᠯᠡᠵᠦ᠂ ᠳᠤᠷ᠎ᠠ ᠪᠠᠷ ᠪᠠᠶᠢᠴᠠᠭᠠᠬᠤ ᠶᠢ ᠡᠬᠢ ᠢᠷᠡᠯᠲᠡ ᠠᠴᠠ ᠨᠢ | ᠬᠤᠷᠢᠭᠯᠠᠬᠤ ᠬᠡᠷᠡᠭᠲᠡᠢ᠃ ᠪᠠᠶᠢᠴᠠᠭᠠᠬᠤ ᠠᠷᠭ᠎ᠠ ᠮᠠᠶ᠋ᠢᠭ ᠢᠶᠠᠨ ᠵᠦᠢ ᠵᠣᠬᠢᠰᠲᠠᠢ ᠲᠣᠭᠲᠠᠭᠠᠵᠤ᠂ ᠪᠠᠶᠢᠴᠠᠭᠠᠬᠤ ᠪᠠᠷᠢᠮᠵᠢᠶ᠎ᠠ ᠪᠠ | ᠲᠠᠰ ᠳᠠᠷᠠᠭᠠᠯᠠᠯ ᠢᠶᠠᠨ ᠴᠢᠩᠳᠠᠯᠠᠵᠤ᠂ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠶᠢ ᠴᠢᠩᠭᠠᠳᠬᠠᠨ᠂ ᠠᠵᠤ ᠠᠬᠤᠶᠢᠯᠠᠯ ᠳᠤ ᠣᠴᠢᠵᠤ ᠪᠠᠶᠢᠴᠠᠭᠠᠬᠤ ᠳᠠᠪᠲᠠᠮᠵᠢ ᠪᠠᠨ ᠪᠠᠭᠠᠰᠬᠠᠵᠤ᠂ ᠳᠤᠷ᠎ᠠ ᠪᠠᠷ | ᠪᠠᠶᠢᠴᠠᠭᠠᠬᠤ ᠶᠢ ᠡᠷᠡᠰ ᠬᠤᠷᠢᠭᠯᠠᠬᠤ ᠬᠡᠷᠡᠭᠲᠡᠢ᠃ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠬᠤ ᠠᠵᠢᠯ ᠢᠶᠠᠨ | ᠢᠷᠡᠬᠦ ᠵᠢᠯ ᠤᠨ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠠᠵᠢᠯᠯᠠᠭᠠᠨ ᠢ | ᠵᠢᠷᠤᠮᠵᠢᠭᠤᠯᠬᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠲᠤᠰᠬᠠᠯ ᠶᠡᠬᠡᠲᠡᠢ ᠲᠣᠪᠣᠶᠢᠮ᠎ᠠ ᠠᠰᠠᠭᠤᠳᠠᠯ ᠤᠳ ᠢ ᠴᠠᠭ | ᠲᠤᠬᠠᠢ ᠳᠤ ᠨᠢ ᠰᠢᠢᠳᠪᠦᠷᠢᠯᠡᠨ᠂ ᠳᠤᠷ᠎ᠠ ᠪᠠᠷ ᠪᠠᠶᠢᠴᠠᠭᠠᠯᠲᠠ ᠬᠢᠬᠦ ᠶᠢ ᠪᠠᠶᠢᠴᠠᠭᠠᠵᠤ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ | ᠬᠠᠮᠢᠶᠠᠷᠤᠯᠲᠠ ᠶᠢᠨ ᠪᠦᠬᠦ ᠶᠠᠪᠤᠴᠠ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠪᠥᠮᠪᠥᠷᠴᠡᠭ ᠲᠤ | ᠥᠷᠢᠰᠦᠯᠳᠦᠬᠦ ᠬᠦᠴᠦᠨ ᠪᠦᠬᠦᠢ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠨ᠂ ᠮᠠᠨ ᠤ ᠤᠯᠤᠰ ᠤᠨ ᠡᠮ | ᠦᠢᠯᠡᠳᠬᠦ ᠲᠣᠮᠣ ᠤᠯᠤᠰ ᠠᠴᠠ ᠡᠮ ᠦᠢᠯᠡᠳᠬᠦ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠶᠢ ᠠᠬᠢᠭᠤᠯᠵᠤ᠂ ᠤᠯᠠᠨ | ᠲᠦᠮᠡᠨ ᠤ ᠴᠢᠨᠠᠷ ᠰᠠᠶᠢᠲᠠᠢ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠷᠡᠭᠴᠡᠭᠡ ᠶᠢ ᠨᠡᠩ ᠰᠠᠶᠢᠲᠤᠷ | ᠬᠠᠩᠭᠠᠬᠤ ᠬᠡᠷᠡᠭᠲᠡᠢ᠃ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ | ᠨᠢ ᠳᠡᠮᠵᠢᠬᠦ ᠪᠠᠨ ᠴᠢᠩᠭᠠᠳᠬᠠᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠤᠨ᠂ | ᠰᠢᠨ᠎ᠡ ᠪᠠᠷ ᠡᠭᠦᠳᠦᠭᠰᠡᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ | ᠬᠢᠨᠠᠨ ᠰᠢᠯᠭᠠᠷᠠᠭᠤᠯᠵᠤ ᠬᠢᠨᠠᠨ ᠵᠥᠪᠰᠢᠶᠡᠷᠡᠬᠦ ᠴᠢᠨᠠᠷ ᠴᠢᠨᠰᠠᠭ᠎ᠠ ᠦᠷ᠎ᠡ ᠠᠰᠢᠭ ᠢᠶᠠᠨ ᠳᠡᠭᠡᠭᠰᠢᠯᠡᠭᠦᠯᠦᠨ᠂ ᠡᠮᠴᠢᠯᠡᠭᠡᠨ ᠳᠤ | ᠪᠠᠴᠢᠮ ᠬᠡᠷᠡᠭᠰᠡᠭᠳᠡᠬᠦ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠵᠥᠪᠰᠢᠶᠡᠷᠡᠵᠦ ᠵᠠᠬ᠎ᠠ ᠳᠡᠯᠭᠡᠭᠦᠷ ᠲᠤ | ᠭᠠᠷᠭᠠᠬᠤ ᠪᠠᠨ ᠲᠦᠷᠭᠡᠳᠬᠡᠵᠦ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠨᠥᠬᠦᠴᠡᠯ ᠳᠤ ᠨᠡᠶᠢᠴᠡᠵᠦ ᠪᠦᠬᠦᠢ | ᠰᠢᠨ᠎ᠡ ᠪᠠᠷ ᠡᠭᠦᠳᠦᠭᠰᠡᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠳᠤ ᠡᠮᠴᠢᠯᠡᠭᠡᠨ ᠤ ᠲᠤᠷᠰᠢᠯᠲᠠ ᠬᠢᠬᠦ ᠶᠢ ᠬᠠᠰᠤᠵᠤ | ᠬᠡᠯᠲᠦᠷᠢᠭᠦᠯᠬᠦ ᠬᠡᠷᠡᠭᠲᠡᠢ᠃ ᠥᠨᠳᠥᠷ ᠪᠦᠲᠦᠮᠵᠢᠲᠡᠢ ᠴᠢᠩᠭ᠎ᠠ ᠬᠢᠨᠠᠯᠲᠠ ᠬᠠᠮᠢᠶᠠᠷᠤᠯᠲᠠ ᠪᠠᠷ ᠡᠮ ᠡᠮᠨᠡᠯᠭᠡ ᠶᠢᠨ ᠠᠵᠤ | ᠦᠢᠯᠡᠰ ᠤᠨ ᠲᠣᠭᠲᠠᠭᠠᠯ ᠳᠤ ᠨᠡᠶᠢᠴᠡᠭᠦᠯᠬᠦ ᠲᠦᠪᠰᠢᠨ ᠢ ᠨᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠠᠵᠤ ᠦᠢᠯᠡᠰ ᠤᠨ | ᠨᠡᠭᠡᠭᠡᠯᠲᠡ ᠬᠢᠬᠦ ᠬᠠᠮᠲᠤᠷᠠᠨ ᠠᠵᠢᠯᠯᠠᠬᠤ ᠪᠠᠨ ᠥᠷᠭᠡᠳᠬᠡᠬᠦ ᠶᠢ ᠨᠢ ᠳᠡᠮᠵᠢᠬᠦ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ᠂ | ᠡᠮᠴᠢᠯᠡᠭᠡ᠂ ᠦᠨ᠎ᠡ ᠬᠠᠩᠰᠢ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ ᠳᠠᠭᠠᠵᠤ᠂ ᠡᠮ | ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠵᠤ ᠬᠦᠴᠦᠯᠡᠨ ᠠᠬᠢᠭᠤᠯᠬᠤ ᠬᠡᠷᠡᠭᠲᠡᠢ᠃ | | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠢᠳᠡᠭᠡᠨ ᠤ ᠠᠮᠤᠷ ᠲᠦᠪᠰᠢᠨ ᠨᠢ ᠠᠷᠠᠳ ᠤᠯᠠᠨ ᠤ ᠪᠡᠶ᠎ᠡ | ᠮᠠᠬᠠᠪᠤᠳ ᠤᠨ ᠡᠷᠡᠭᠦᠯ ᠮᠡᠨᠳᠦ ᠬᠢᠭᠡᠳ ᠠᠮᠢ ᠨᠠᠰᠤᠨ ᠤ ᠠᠮᠤᠷ ᠲᠦᠪᠰᠢᠨ ᠯᠦᠭᠡ ᠬᠤᠯᠪᠣᠭᠳᠠᠵᠤ ᠪᠠᠶᠢᠳᠠᠭ᠃ ᠡᠬᠢ | ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠳᠤ ᠨᠢ ᠴᠢᠩᠭ᠎ᠠ ᠬᠠᠮᠢᠶᠠᠷᠬᠤ᠂ ᠲᠦᠭᠰᠢᠭᠦᠷᠢ ᠶᠢ ᠴᠢᠩᠭ᠎ᠠ | ᠡᠵᠡᠮᠳᠡᠬᠦ ᠶᠢ ᠪᠠᠷᠢᠮᠲᠠᠯᠠᠵᠤ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠪᠦᠬᠦ ᠬᠡᠯᠬᠢᠶᠡᠨ ᠳᠠᠬᠢ | ᠬᠢᠨᠠᠨ ᠬᠠᠮᠢᠶᠠᠷᠬᠤ ᠴᠢᠳᠠᠪᠤᠷᠢ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ | ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠰᠢᠯᠵᠢᠭᠦᠯᠬᠦ | ᠲᠥᠯᠥᠪᠦᠷᠢ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠢ ᠪᠠᠳᠠᠷᠠᠭᠤᠯᠵᠤ᠂ ᠤᠷᠮᠠᠰᠢᠭᠤᠯᠬᠤ ᠪᠡᠯᠡ ᠮᠥᠩᠭᠦ ᠶᠢ ᠭᠠᠶᠢᠯᠢ | ᠲᠠᠲᠠᠪᠤᠷᠢ ᠶᠢᠨ ᠬᠤᠪᠢ ᠨᠡᠮᠡᠷᠢ ᠪᠠᠷ ᠶᠡᠭᠡ᠂ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠨᠡᠯᠢᠶᠡᠳ ᠲᠦᠷᠭᠡᠨ ᠭᠠᠵᠠᠷ | ᠣᠷᠣᠨ ᠲᠡᠶᠢᠰᠢ ᠬᠡᠯᠪᠡᠶᠢᠯᠭᠡᠬᠦ ᠬᠡᠷᠡᠭᠲᠡᠢ᠃ ᠲᠣᠭᠲᠠᠴᠠ ᠶᠢ ᠬᠡᠷᠡᠭᠵᠢᠭᠦᠯᠬᠦ ᠠᠵᠢᠯ ᠢᠶᠠᠨ ᠰᠢᠨᠵᠢᠯᠡᠬᠦ ᠤᠬᠠᠭᠠᠨᠴᠢ ᠪᠠᠷ | ᠵᠢᠷᠤᠮᠵᠢᠭᠤᠯᠤᠨ ᠰᠠᠶᠢᠲᠤᠷ ᠠᠳᠬᠤᠵᠤ᠂ ᠡᠯ᠎ᠡ ᠭᠠᠵᠠᠷ ᠤᠨ ᠬᠢᠨ ᠤ ᠴᠢᠨᠠᠷ ᠰᠠᠶᠢᠲᠠᠢ ᠬᠥᠭᠵᠢᠯᠲᠡ ᠪᠠᠷ ᠳᠠᠮᠵᠢᠭᠤᠯᠤᠨ | ᠭᠠᠶᠢᠯᠢ ᠶᠢᠨ ᠢᠷᠡᠯᠲᠡ ᠪᠠᠨ ᠬᠤᠷᠠᠭᠤᠯᠤᠨ ᠨᠡᠮᠡᠭᠳᠡᠭᠦᠯᠬᠦ ᠶᠢ ᠨᠢ ᠵᠣᠷᠢᠭᠵᠢᠭᠤᠯᠵᠤ᠂ ᠣᠷᠣᠨ ᠨᠤᠲᠤᠭ ᠤᠨ | ᠬᠥᠭᠵᠢᠯᠲᠡ ᠶᠢᠨ ᠰᠠᠨᠠᠭᠠᠴᠢᠯᠠᠭᠠᠲᠤ ᠴᠢᠨᠠᠷ ᠪᠠ ᠡᠳ᠋ ᠤᠨ ᠵᠠᠰᠠᠭ ᠤᠨ ᠦᠷᠭᠦᠯᠵᠢᠯᠡᠭᠦᠶᠢᠴᠡ ᠴᠢᠨᠠᠷ ᠢ ᠴᠢᠩᠭᠠᠳᠬᠠᠬᠤ | ᠬᠡᠷᠡᠭᠲᠡᠢ᠃ | ᠬᠤᠷᠠᠯᠳᠤᠭᠠᠨ ᠢᠶᠠᠷ ︽ᠺᠣᠮᠫᠠᠨᠢ ᠶᠢᠨ ᠢᠯᠡ ᠪᠠᠷ ᠰᠲ᠋ᠣᠺ ᠲᠠᠷᠬᠠᠭᠠᠬᠤ ᠳᠤ ᠦᠢᠯᠡᠴᠢᠯᠡᠭᠡ ᠬᠠᠩᠭᠠᠬᠤ ᠵᠠᠭᠤᠴᠢ | ᠪᠠᠶᠢᠭᠤᠯᠤᠮᠵᠢ ᠶᠢ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠲᠥᠰᠥᠯ︶︾ ᠢ | ᠬᠢᠨᠠᠨ ᠵᠥᠪᠯᠡᠵᠦ ᠪᠠᠲᠤᠯᠠᠵᠤ᠂ ᠵᠠᠭᠤᠴᠢ ᠪᠠᠶᠢᠭᠤᠯᠤᠮᠵᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ︽ᠡᠭᠦᠳᠡ ᠮᠠᠨᠠᠭᠠᠴᠢ︾ | ᠶᠢᠨ ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ᠵᠠᠭᠤᠴᠢ ᠪᠠᠶᠢᠭᠤᠯᠤᠮᠵᠢ ᠪᠠ ᠲᠠᠷᠬᠠᠭᠠᠭᠴᠢ ᠶᠢᠨ ᠵᠣᠬᠢᠰ ᠦᠭᠡᠢ ᠠᠰᠢᠭ | ᠲᠤᠰᠠ ᠶᠢᠨ ᠲᠥᠯᠥᠭᠡ ᠰᠥᠯᠪᠡᠭᠡᠯᠡᠬᠦ ᠶᠢ ᠰᠡᠷᠭᠡᠶᠢᠯᠡᠨ᠂ ᠡᠳ᠋ ᠤᠨ ᠶᠠᠪᠤᠳᠠᠯ ᠢ ᠬᠠᠭᠤᠷᠮᠠᠭᠯᠠᠨ ᠵᠣᠬᠢᠶᠠᠬᠤ᠂ ᠮᠡᠬᠡᠯᠡᠨ | ᠲᠠᠷᠬᠠᠭᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠪᠡᠯᠡ | ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠥᠷᠥᠩᠭᠡ ᠶᠢᠨ ᠵᠠᠬ᠎ᠠ | ᠳᠡᠯᠭᠡᠭᠦᠷ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | |