ᠰᠢ ᠶᠢᠨ ᠫᠢᠩ ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ ᠲᠡᠮᠦᠷ ᠵᠠᠮ ᠤᠨ ᠲᠥᠷᠥᠯ ᠵᠦᠢᠯ ᠤᠨ ᠡᠭᠢᠯᠡᠯᠲᠡ ᠶᠢᠨ ᠶᠣᠰᠣᠯᠠᠯ ᠳᠤ ᠪᠠᠶᠠᠷ ᠤᠨ ᠵᠠᠬᠢᠳᠠᠯ  ᠢᠯᠡᠭᠡᠪᠡ
ᠨᠡᠶᠢᠲᠡᠯᠡᠭᠰᠡᠨ ᠴᠠᠭ᠄
2025/1/7
                       ᠨᠡᠶᠢᠲᠡᠯᠡᠭᠰᠡᠨ ᠴᠠᠭ᠄ 2024/12/31         ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 27 ᠤ ᠴᠠᠭᠢᠯᠭᠠᠨ ᠮᠡᠳᠡᠭᠡ   12 ᠰᠠᠷ᠎ᠠ ᠶᠢᠨ 27 ᠤ ᠡᠳᠦᠷ᠂ ᠳᠤᠮᠳᠠᠳᠤ ᠤᠯᠤᠰ –  ᠺᠢᠷᠭᠢᠽᠰᠲ᠋ᠠᠨ – ᠦᠽᠪᠸᠺᠰᠲ᠋ᠠᠨ ᠤ ᠲᠡᠮᠦᠷ ᠵᠠᠮ ᠤᠨ ᠲᠥᠷᠥᠯ ᠵᠦᠢᠯ ᠤᠨ ᠡᠭᠢᠯᠡᠯᠲᠡ ᠶᠢᠨ ᠶᠣᠰᠣᠯᠠᠯ ᠺᠢᠷᠭᠢᠽᠰᠲ᠋ᠠᠨ ᠤ ᠵᠠᠯᠠᠯᠠᠪᠠᠳ᠋ ᠬᠤᠲᠠ ᠳᠤ ᠶᠠᠪᠤᠭᠳᠠᠪᠠ᠃  ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠪᠠᠶᠠᠷ ᠤᠨ ᠵᠠᠬᠢᠳᠠᠯ ᠢᠯᠡᠭᠡᠵᠦ᠂ ᠺᠢᠷᠭᠢᠽᠰᠲ᠋ᠠᠨ ᠤ  ᠶᠡᠷᠦᠩᠬᠡᠶᠢᠯᠡᠭᠴᠢ ᠵᠠᠫᠠᠯᠤᠹ ᠲᠤᠬᠠᠢ ᠶᠢᠨ ᠲᠠᠯᠠᠪᠠᠢ ᠳᠤ ᠠᠵᠢᠯᠯᠠᠭ᠎ᠠ ᠳᠤ ᠣᠷᠣᠯᠴᠠᠵᠤ᠂ ᠦᠽᠪᠸᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠪᠠᠶᠠᠷ ᠤᠨ ᠵᠠᠬᠢᠳᠠᠯ     ᠢᠯᠡᠭᠡᠪᠡ᠃           ᠰᠢ ᠶᠢᠨ ᠫᠢᠩ᠂ ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ ᠲᠡᠮᠦᠷ ᠵᠠᠮ ᠢ ᠪᠦᠲᠦᠭᠡᠨ ᠪᠠᠶᠢᠭᠤᠯᠬᠤ ᠪᠣᠯ ᠭᠤᠷᠪᠠᠨ ᠤᠯᠤᠰ ᠤᠨ ᠵᠠᠰᠠᠭ ᠤᠨ ᠣᠷᠳᠣᠨ ᠤ  ᠣᠷᠣᠨ ᠪᠦᠰᠡ ᠶᠢᠨ ᠬᠤᠯᠪᠣᠯᠳᠤᠨ ᠨᠡᠪᠲᠡᠷᠡᠯᠴᠡᠬᠦ᠂ ᠭᠠᠵᠠᠷ ᠣᠷᠣᠨ ᠤ ᠬᠥᠭᠵᠢᠯ ᠴᠡᠴᠡᠭᠯᠡᠯ ᠲᠣᠭᠲᠠᠭᠤᠨ ᠢ ᠠᠬᠢᠭᠤᠯᠬᠤ ᠳᠤ ᠬᠠᠨᠳᠤᠭᠤᠯᠵᠤ ᠭᠠᠷᠭᠠᠭᠰᠠᠨ  ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠭᠤᠷᠪᠠᠨ ᠤᠯᠤᠰ ᠤᠨ ᠠᠷᠠᠳ ᠲᠦᠮᠡᠨ ᠤ ᠡᠨᠡ ᠬᠦ ᠪᠠᠶᠢᠯᠳᠤᠬᠤ ᠪᠣᠳᠣᠯᠭ᠎ᠠ ᠶᠢᠨ ᠵᠠᠮ ᠢ  ᠨᠡᠪᠲᠡᠷᠡᠭᠦᠯᠬᠦ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠷᠡᠭᠦᠯᠪᠡ᠃ ᠡᠨᠡ ᠡᠳᠦᠷ ᠤᠨ ᠡᠭᠢᠯᠡᠯᠲᠡ ᠶᠢᠨ ᠶᠣᠰᠣᠯᠠᠯ ᠨᠢ ᠲᠥᠷᠥᠯ ᠵᠦᠢᠯ ᠤᠨ ᠲᠥᠰᠥᠪᠯᠡᠯᠲᠡ ᠠᠴᠠ  ᠬᠡᠷᠡᠭᠵᠢᠭᠦᠯᠦᠭᠳᠡᠵᠦ᠂ ᠲᠡᠷᠭᠡ ᠨᠡᠪᠲᠡᠷᠡᠬᠦ ᠬᠠᠷᠠᠯᠲᠠ ᠵᠦᠭ ᠵᠠᠩᠭᠢᠯᠠᠭ᠎ᠠ ᠶᠢᠨ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ ᠭᠡᠵᠦ ᠵᠢᠭᠠᠵᠤ ᠭᠠᠷᠭᠠᠪᠠ᠃           ᠰᠢ ᠶᠢᠨ ᠫᠢᠩ᠂ ᠭᠤᠷᠪᠠᠨ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂  ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠠᠬᠢᠭᠤᠯᠵᠤ᠂ ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ ᠲᠡᠮᠦᠷ  ᠵᠠᠮ ᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠰᠢᠨ᠎ᠡ ᠵᠢᠱᠢᠶ᠎ᠡ ᠦᠵᠡᠭᠦᠯᠭᠦ ᠲᠦᠷᠦᠯ ᠵᠦᠢᠯ ᠪᠤᠯᠭᠠᠬᠤ ᠪᠠᠷ  ᠴᠢᠷᠮᠠᠶᠢᠵᠤ᠂ ᠵᠠᠮ ᠳᠠᠭᠠᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠰᠠᠶᠢᠵᠢᠷᠠᠯᠲᠠ ᠳᠤ  ᠨᠡᠩ ᠰᠠᠶᠢᠨ ᠢᠶᠠᠷ ᠬᠦᠴᠦᠨ ᠨᠡᠮᠡᠷᠢᠯᠡᠵᠦ᠂ ᠨᠡᠩ ᠨᠢᠭᠲᠠ ᠳᠤᠮᠳᠠᠳᠤ ᠤᠯᠤᠰ – ᠳᠤᠮᠳᠠᠳᠤ    ᠠᠽᠢᠶ᠎ᠠ    ᠶᠢᠨ          ᠬᠤᠪᠢ    ᠵᠠᠶᠠᠭᠠᠨ ᠤ ᠬᠠᠮᠲᠤ ᠶᠢᠨ ᠴᠣᠭᠴᠠ ᠶᠢ  ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃           ᠵᠠᠫᠠᠯᠤᠹ᠂ ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ ᠲᠡᠮᠦᠷ ᠵᠠᠮ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠩᠭᠢᠯ ᠪᠤᠯᠬᠤ ᠪᠥᠭᠡᠳ ᠪᠠᠰᠠ ᠴᠤ  ᠳᠣᠷᠣᠨᠠᠳᠠᠬᠢᠨ ᠪᠠ ᠥᠷᠥᠨᠡᠳᠠᠬᠢᠨ ᠢ ᠬᠤᠯᠪᠣᠨ ᠨᠡᠪᠲᠡᠷᠡᠭᠦᠯᠬᠦ ᠪᠠᠶᠢᠯᠳᠤᠬᠤ ᠪᠣᠳᠣᠯᠭ᠎ᠠ ᠶᠢᠨ ᠵᠠᠮ ᠪᠣᠯᠣᠨ᠎ᠠ᠃ ᠳᠤᠰ ᠳᠦᠷᠦᠯ ᠵᠦᠢᠯ ᠨᠢ ᠺᠢᠷᠭᠢᠽᠰᠲ᠋ᠠᠨ ᠤ ᠵᠠᠮ  ᠬᠠᠷᠢᠯᠴᠠᠭᠠᠨ ᠤ ᠬᠦᠢᠰᠦ ᠪᠤᠯᠬᠤ ᠪᠠᠶᠢᠷᠢ ᠰᠠᠭᠤᠷᠢ ᠶᠢ ᠴᠢᠩᠭᠠᠳᠬᠠᠵᠤ᠂ ᠶᠡᠭᠡ ᠬᠡᠮᠵᠢᠶᠡᠨ ᠤ ᠠᠵᠢᠯ ᠤᠨ ᠪᠠᠶᠢᠷᠢ ᠶᠢ ᠡᠭᠦᠳᠴᠦ᠂ ᠠᠵᠤ ᠠᠬᠤᠢ ᠠᠷᠠᠯᠵᠢᠶ᠎ᠠ᠂  ᠵᠢᠭᠤᠯᠴᠢᠯᠠᠯ ᠪᠣᠯᠣᠨ ᠠᠵᠤ ᠦᠢᠯᠡᠳᠪᠦᠷᠢ ᠵᠡᠷᠭᠡ ᠬᠦᠷᠢᠶᠡᠨ ᠤ ᠬᠥᠭᠵᠢᠯᠲᠡ ᠶᠢ ᠠᠬᠢᠭᠤᠯᠬᠤ ᠪᠣᠯᠣᠨ᠎ᠠ᠃ ᠭᠤᠷᠪᠠᠨ ᠤᠯᠤᠰ ᠲᠡᠮᠦᠷ ᠵᠠᠮ ᠤᠨ ᠪᠦᠲᠦᠭᠡᠨ  ᠪᠠᠶᠢᠭᠤᠯᠤᠯᠲᠠ ᠶᠢ ᠴᠢᠨᠠᠷ ᠰᠠᠶᠢᠲᠠᠢ ᠪᠡᠶᠡᠯᠡᠭᠦᠯᠵᠦ᠂ ᠲᠣᠰ ᠭᠠᠵᠠᠷ ᠣᠷᠣᠨ ᠤ ᠬᠠᠮᠲᠤ ᠶᠢᠨ ᠬᠥᠭᠵᠢᠯᠲᠡ ᠳᠤ ᠰᠢᠨ᠎ᠡ ᠰᠠᠷᠠᠭᠤᠯ ᠢᠷᠡᠭᠡᠳᠦᠢ ᠶᠢ ᠨᠡᠭᠡᠭᠡᠵᠦ ᠥᠭᠬᠦ ᠶᠢ  ᠢᠲᠡᠭᠡᠵᠦ ᠪᠠᠶᠢᠨ᠎ᠠ ᠭᠡᠵᠦ  ᠢᠯᠡᠳᠬᠡᠪᠡ᠃           ᠮᠢᠷᠵᠢᠶᠤᠤᠶᠧᠹ᠂ ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ ᠲᠡᠮᠦᠷ ᠵᠠᠮ ᠤᠨ ᠲᠦᠷᠤᠯ ᠵᠦᠢᠯ ᠢ ᠵᠢᠩᠬᠢᠨᠢ ᠪᠠᠷ ᠡᠬᠢᠯᠡᠭᠦᠯᠦᠭᠰᠡᠨ ᠨᠢ ᠭᠤᠷᠪᠠᠨ  ᠤᠯᠤᠰ ᠤᠨ ᠲᠡᠷᠢᠭᠦᠨ ᠤ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠬᠤ᠂ ︽ᠨᠢᠭᠡ ᠪᠦᠰᠡ ᠨᠢᠭᠡ ᠵᠠᠮ︾  ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠶᠤᠮ᠃ ᠲᠤᠰ  ᠲᠡᠮᠦᠷ ᠵᠠᠮ ᠨᠢ ᠭᠠᠵᠠᠷ ᠣᠷᠣᠨ ᠤ ᠠᠷᠠᠯᠵᠢᠶ᠎ᠠ ᠪᠣᠯᠣᠨ ᠨᠢᠭᠡ ᠴᠣᠭᠴᠠᠵᠢᠯᠲᠠ ᠶᠢ ᠠᠬᠢᠭᠤᠯᠬᠤ᠂ ᠬᠥᠮᠥᠰ ᠤᠨ ᠶᠠᠪᠤᠯᠴᠠᠭ᠎ᠠ ᠪᠣᠯᠣᠨ ᠰᠣᠶᠣᠯ ᠢᠷᠭᠡᠨᠰᠢᠯ ᠤᠨ  ᠬᠠᠷᠢᠯᠴᠠᠭ᠎ᠠ ᠶᠢ ᠠᠬᠢᠭᠤᠯᠬᠤ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠴᠢᠬᠤᠯᠠ ᠬᠥᠭᠦᠷᠭᠡ ᠶᠢ ᠴᠣᠭᠴᠠᠯᠠᠬᠤ᠂ ᠭᠠᠵᠠᠷ ᠣᠷᠣᠨ ᠤ ᠤᠯᠤᠰ ᠪᠣᠯᠣᠨ ᠠᠷᠠᠳ  ᠲᠦᠮᠡᠨ ᠳᠤ ᠪᠤᠶᠠᠨ ᠦᠢᠯᠡᠳᠬᠦ ᠳᠤ ᠠᠰᠢᠭᠲᠠᠢ ᠶᠤᠮ ᠭᠡᠵᠦ ᠢᠯᠡᠳᠬᠡᠪᠡ᠃          ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ ᠲᠡᠮᠦᠷ ᠵᠠᠮ ᠤᠨ ᠲᠥᠷᠥᠯ ᠵᠦᠢᠯ ᠤᠨ ᠡᠭᠢᠯᠡᠯᠲᠡ ᠶᠢᠨ ᠶᠣᠰᠣᠯᠠᠯ ᠢ ᠳᠤᠮᠳᠠᠳᠤ ᠤᠯᠤᠰ ᠤᠨ ᠤᠯᠤᠰ ᠤᠨ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠺᠢᠷᠭᠢᠽᠰᠲ᠋ᠠᠨ ᠤ ᠵᠠᠮ ᠬᠠᠷᠢᠯᠴᠠᠭ᠎ᠠ ᠪᠠ ᠴᠢᠮᠡᠭᠡ ᠬᠤᠯᠪᠣᠭᠠᠨ ᠤ ᠶᠠᠮᠤᠨ᠂    ᠦᠽᠪᠧᠺᠰᠲ᠋ᠠᠨ ᠤ     ᠵᠠᠮ  ᠬᠠᠷᠢᠯᠴᠠᠭᠠᠨ ᠤ ᠶᠠᠮᠤᠨ ᠠᠴᠠ ᠬᠠᠮᠲᠤᠷᠠᠨ ᠡᠷᠭᠢᠯᠡᠵᠠᠢ᠃          ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ    
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号