ᠰᠢ ᠶᠢᠨ ᠫᠢᠩ ᠵᠢᠮᠢ · ᠺᠠᠲ᠋ᠧ ᠨᠠᠰᠤ ᠪᠠᠷᠠᠭᠰᠠᠨ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠳᠤ ᠭᠠᠰᠢᠭᠤᠳᠠᠯ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/1/7
                  ᠨᠡᠶᠢᠲᠡᠯᠡᠭᠰᠡᠨ ᠴᠠᠭ᠄ 2024/12/31      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 30 ᠤ ᠴᠠᠭᠢᠯᠭᠠᠨ ᠮᠡᠳᠡᠭᠡ   12 ᠰᠠᠷ᠎ᠠ ᠶᠢᠨ 30 ᠤ ᠡᠳᠦᠷ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠠᠮᠧᠷᠢᠺᠠ ᠶᠢᠨ ᠤᠤᠯ ᠤᠨ ᠶᠡᠷᠦᠩᠬᠡᠶᠢᠯᠡᠭᠴᠢ ᠵᠢᠮᠢ · ᠺᠠᠲ᠋ᠧ ᠶᠢᠨ ᠨᠠᠰᠤ ᠪᠠᠷᠠᠭᠰᠠᠨ ᠳᠤ      ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠳᠤ ᠭᠠᠰᠢᠭᠤᠳᠠᠯ ᠤᠨ  ᠴᠠᠭᠢᠯᠭᠠᠨ ᠴᠢᠮᠡᠭᠡ   ᠶᠠᠪᠤᠭᠤᠯᠪᠠ᠃ ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂  ᠲᠡᠷᠡᠴᠢᠯᠡᠨ ᠬᠤᠪᠢ ᠶᠢᠨ ᠨᠡᠷ᠎ᠡ ᠪᠠᠷ ᠢᠶᠠᠨ᠂ ᠤᠤᠯ ᠤᠨ ᠶᠡᠷᠦᠩᠬᠡᠶᠢᠯᠡᠭᠴᠢ ᠺᠠᠲ᠋ᠧ ᠶᠢᠨ ᠨᠠᠰᠤ ᠪᠠᠷᠠᠭᠰᠠᠨ ᠳᠤ ᠭᠦᠨ᠎ᠡ ᠡᠮᠭᠡᠨᠢᠨ ᠭᠠᠰᠢᠭᠤᠳᠠᠵᠤ᠂ ᠲᠡᠭᠦᠨ ᠤ ᠭᠡᠷ  ᠪᠦᠯᠢ ᠶᠢᠨ ᠬᠢᠨ ᠢ ᠴᠢᠩ ᠰᠡᠳᠬᠢᠯ ᠠᠴᠠ ᠪᠠᠨ     ᠲᠣᠬᠤᠨᠢᠭᠤᠯᠵᠤ ᠪᠠᠶᠢᠬᠤ ᠪᠠᠨ ᠢᠯᠡᠳᠬᠡᠪᠡ᠃          ᠰᠢ ᠶᠢᠨ ᠫᠢᠩ᠂ ᠤᠤᠯ ᠤᠨ ᠶᠡᠷᠦᠩᠬᠡᠶᠢᠯᠡᠭᠴᠢ ᠵᠢᠮᠢ · ᠺᠠᠲ᠋ᠧ ᠪᠣᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠠᠶᠢᠭᠤᠯᠬᠤ ᠶᠢᠨ ᠠᠬᠢᠭᠤᠯᠤᠭᠴᠢ ᠪᠠ  ᠰᠢᠢᠳᠪᠦᠷᠢᠲᠦ ᠪᠣᠳᠣᠯᠭ᠎ᠠ   ᠲᠣᠭᠲᠠᠭᠠᠭᠴᠢ ᠮᠥᠨ᠂ ᠤᠷᠳᠤ ᠬᠤᠭᠤᠴᠠᠭᠠᠨ ᠤ ᠲᠤᠷᠰᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠪᠠ ᠬᠤᠶᠠᠷ  ᠤᠯᠤᠰ ᠤᠨ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠪᠢ ᠲᠡᠭᠦᠨ ᠤ ᠨᠠᠰᠤ ᠪᠠᠷᠠᠭᠰᠠᠨ ᠳᠤ ᠮᠠᠰᠢ  ᠬᠠᠷᠠᠮᠰᠠᠵᠤ ᠪᠠᠶᠢᠨ᠎ᠠ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ     ᠳᠡᠯᠡᠬᠡᠢ     ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭᠠᠨ ᠤ ᠨᠢᠭᠡ ᠮᠥᠨ᠃  ᠳᠤᠮᠳᠠᠳᠤ ᠤᠯᠤᠰ ᠳᠤᠷᠠᠲᠠᠶ᠎ᠠ ᠠᠮᠧᠷᠢᠺᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ  ᠪᠣᠳᠣᠯᠬᠢᠯᠠᠨ᠂ ᠳᠡᠯᠡᠬᠡᠢ ᠨᠡᠶᠢᠭᠡᠮ ᠤᠨ ᠨᠡᠶᠢᠳᠡᠮ ᠤᠨ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠡᠭᠦᠯ᠂ ᠲᠣᠭᠲᠠᠭᠤᠨ᠂  ᠦᠷᠭᠦᠯᠵᠢᠯᠡᠬᠦ  ᠵᠥᠪ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃        ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ              
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号