ᠨᠡᠶᠢᠲᠡᠯᠡᠭᠰᠡᠨ ᠴᠠᠭ᠄ 2025/1/2 | | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 30 ᠤ ᠴᠠᠭᠢᠯᠭᠠᠨ ᠮᠡᠳᠡᠭᠡ 2025 ᠣᠨ ᠤ ᠰᠢᠨ᠎ᠡ | ᠣᠨ ᠤ ᠰᠢ ᠵᠦᠴᠦᠭᠡ ᠶᠢᠨ ᠦᠳᠡᠰᠢᠯᠡᠭᠡ 30 ᠤ ᠣᠷᠣᠢ ᠤᠯᠤᠰ ᠤᠨ ᠶᠡᠭᠡ ᠲᠢᠶᠠᠲᠷ ᠲᠤ ᠶᠠᠪᠤᠭᠳᠠᠪᠠ᠃ ᠨᠠᠮ ᠪᠣᠯᠣᠨ | ᠲᠦᠷᠦ ᠶᠢᠨ ᠤᠳᠤᠷᠢᠳᠬᠤ ᠬᠥᠮᠥᠰ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ | ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠲᠠᠢ ᠬᠠᠮᠲᠤ | ᠲᠣᠬᠯᠠᠯᠲᠠ ᠶᠢ ᠰᠣᠨᠢᠷᠬᠠᠵᠤ᠂ ᠰᠢᠨ᠎ᠡ ᠣᠨ ᠢ ᠪᠠᠶᠠᠷᠯᠠᠨ ᠤᠭᠲᠤᠵᠠᠢ᠃ | ᠦᠳᠡᠰᠢ ᠶᠢᠨ ᠪᠦᠷᠦᠢ ᠶᠢᠨ ᠤᠯᠤᠰ ᠤᠨ ᠶᠡᠭᠡ ᠲᠢᠶᠠᠲᠷ ᠲᠤ ᠥᠩᠭᠡᠲᠦ ᠳ᠋ᠧᠩ ᠳᠤᠸᠠᠯᠠᠵᠤ᠂ ᠲᠢᠶᠠᠲᠷ ᠲᠤ ᠭᠦᠷ | ᠬᠥᠭᠵᠢᠶᠡᠨ ᠢᠶᠠᠷ ᠪᠢᠯᠬᠠᠨ᠎ᠠ᠃ 19 ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠵᠡᠷᠭᠡ ᠨᠠᠮ ᠪᠣᠯᠣᠨ | ᠲᠦᠷᠦ ᠶᠢᠨ ᠤᠳᠤᠷᠢᠳᠬᠤ ᠬᠥᠮᠥᠰ ᠦᠳᠡᠰᠢᠯᠡᠭᠡ ᠶᠢᠨ ᠠᠬᠤᠢ ᠲᠠᠯᠠᠪᠠᠢ ᠳᠤ ᠢᠷᠡᠵᠤ᠂ ᠲᠣᠬᠯᠠᠯᠲᠠ ᠰᠣᠨᠢᠷᠬᠠᠬᠤ ᠪᠠᠷ | ᠢᠷᠡᠭᠰᠡᠨ ᠰᠢ ᠵᠦᠴᠦᠭᠡ ᠶᠢᠨ ᠡᠲᠡᠭᠡᠳ ᠤᠨ ᠤᠷᠠᠯᠢᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠵᠤ᠂ | ᠬᠠᠷᠢᠯᠴᠠᠨ ᠮᠡᠨᠳᠦᠴᠢᠯᠡᠵᠦ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠢᠷᠠᠭᠤ ᠠᠶᠠᠯᠭᠤ ᠤᠶᠠᠩᠭᠠᠲᠤ ᠬᠥᠭᠵᠢᠮ ᠢᠶᠠᠷ ᠢᠶᠠᠨ ᠰᠢᠨ᠎ᠡ ᠣᠨ ᠢᠶᠠᠨ ᠤᠭᠲᠤᠵᠤ᠂ ᠡᠷᠲᠡᠨ ᠡᠳᠦᠭᠡ ᠶᠢᠨ ᠳᠠᠭᠤᠤ | ᠡᠭᠡᠰᠢᠭ ᠢᠶᠠᠷ ᠢᠶᠠᠨ ᠠᠤᠭ᠎ᠠ ᠦᠢᠯᠡᠰ ᠢᠶᠠᠨ ᠳᠠᠭᠤᠯᠠᠨ᠎ᠠ᠃ ︽ᠬᠦᠷᠢᠶᠡᠯᠡᠩ ᠳᠦᠭᠦᠷᠡᠩ ᠥᠨᠢᠷ ᠴᠡᠴᠡᠭ ᠢᠶᠠᠷ ᠰᠢᠨ᠎ᠡ | ᠵᠢᠯ ᠢᠶᠠᠨ ᠤᠭᠲᠤᠶ᠎ᠠ︾ ᠭᠡᠬᠦ ᠪᠠᠶᠠᠷ ᠪᠠᠶᠠᠰᠬᠤᠯᠠᠩ ᠲᠠᠢ ᠠᠶ᠎ᠠ ᠬᠥᠭᠵᠢᠮ ᠢᠶᠠᠷ ᠦᠳᠡᠰᠢᠯᠡᠭᠡ ᠶᠢ ᠡᠬᠢᠯᠡᠭᠦᠯᠪᠡ᠃ ︽ | ᠪᠡᠭᠡᠵᠢᠩ ᠵᠦᠴᠦᠭᠡ ᠶᠢᠨ ᠤᠷᠤᠰᠬᠠᠯ ᠪᠦᠯᠦᠭ ᠨᠦᠭᠦᠳ ᠤᠨ ᠦᠵᠡᠭᠦᠯᠭᠡ︾ ᠨᠢ ᠤᠷᠤᠰᠤᠮ᠎ᠠ ᠰᠠᠶᠢᠬᠠᠨ ᠴᠥᠷᠬᠡᠯᠡᠭᠡ | ᠲᠤᠬᠯᠠᠯᠳᠠ ᠪᠠᠷ ᠪᠡᠭᠡᠵᠢᠩ ᠵᠦᠴᠦᠭᠡ ᠶᠢᠨ ᠤᠷᠠᠯᠢᠭ ᠤᠨ ᠰᠠᠯᠠᠭ᠎ᠠ ᠨᠠᠮᠠᠭ᠎ᠠ ᠡᠯᠪᠡᠭ ᠪᠠᠶᠠᠯᠢᠭ ᠪᠠᠶᠢᠬᠤ ᠶᠢ ᠬᠠᠷᠠᠭᠤᠯᠪᠠ᠃ | ᠪᠡᠭᠡᠵᠢᠩ ᠵᠦᠴᠦᠭᠡ ︽ᠴᠢᠨ ᠰᠢᠶᠠᠩ ᠯᠢᠶᠠᠨ︾᠂ ᠺᠦᠨᠱᠠᠨ ᠵᠦᠴᠦᠭᠡ ︽ᠰᠢ ᠰᠢᠶᠠᠩ ᠵᠢᠢ︾᠂ ᠫᠢᠩᠵᠢᠦᠢ ᠵᠦᠴᠦᠭᠡ | ︽ᠯᠢᠦ ᠴᠢᠶᠣᠤ ᠡᠯ︾᠂ ᠬᠤᠸᠠᠩᠮᠸᠢ ᠵᠦᠴᠦᠭᠡ ︽ᠳᠠᠭᠢᠨᠢ ᠡᠬᠡᠨᠡᠷ︾ ᠵᠡᠷᠭᠡ ᠨᠢ ᠲᠤᠰ ᠲᠤᠰ ᠤᠨ ᠦᠨᠦᠷ ᠠᠮᠲᠠ ᠲᠠᠢ | ᠪᠠᠶᠢᠵᠤ᠂ ᠦᠵᠡᠭᠴᠢᠳ ᠲᠤ ᠰᠣᠩᠭᠤᠳᠠᠭ ᠦᠯᠢᠭᠡᠷ ᠳᠤᠮᠳᠠ ᠠᠴᠠ ᠰᠢᠯᠢᠳᠡᠭ ᠤᠯᠠᠮᠵᠢᠯᠠᠯᠲᠤ ᠤᠷᠠᠯᠢᠭ ᠤᠨ ᠳᠣᠲᠣᠭᠠᠳᠤ | ᠠᠭᠤᠯᠤᠭᠳᠠᠬᠤᠨ ᠤ ᠷᠢᠳᠢ ᠰᠢᠳᠢ ᠶᠢ ᠮᠡᠳᠡᠷᠡᠭᠦᠯᠪᠡ᠃ ᠪᠡᠭᠡᠵᠢᠩ ᠵᠦᠴᠦᠭᠡ ︽ᠱᠠ ᠵᠢᠶᠠ ᠪᠠᠩ · ᠤᠷᠠᠨ ᠠᠷᠭ᠎ᠠ ᠪᠠᠷ | ᠲᠡᠮᠡᠴᠡᠭᠰᠡᠨ ᠨᠢ︾ ᠪᠠ ︽ ᠶᠠᠩ ᠣᠪᠣᠭᠲᠠᠨ ᠤ ᠡᠮᠡᠭᠲᠡᠢ ᠵᠠᠩᠵᠤᠨ︾ ᠤ ᠰᠣᠩᠭᠤᠮᠠᠯ ᠬᠡᠰᠡᠭ ᠨᠢ ᠪᠠᠭᠠᠲᠤᠷᠯᠢᠭ | ᠬᠥᠮᠥᠰ ᠤᠨ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠠᠮᠢᠳᠤᠯᠢᠭ ᠢᠶᠠᠷ ᠢᠯᠡᠷᠡᠭᠦᠯᠪᠡ᠃ ᠪᠡᠭᠡᠵᠢᠩ ᠵᠦᠴᠦᠭᠡ | ︽ᠮᠢᠨ ᠹᠠᠩ ᠯᠧᠢ · ᠲᠠᠭᠢᠨ ᠦᠯᠤ ᠰᠠᠯᠤᠯᠴᠠᠨᠠ︾᠂ ︽ᠠᠭᠤᠯᠠᠨ ᠴᠡᠴᠡᠭ ᠮᠢᠷᠠᠯᠵᠠᠨ ᠳᠡᠯᠭᠡᠷᠡᠨᠡᠮ – | ᠦᠨᠳᠦᠰᠦᠲᠡᠨ ᠤ ᠣᠷᠣᠨ ᠤ ᠰᠢ ᠵᠦᠴᠦᠭᠡ ᠶᠢᠨ ᠰᠣᠩᠭᠤᠮᠠᠯ ᠬᠡᠰᠡᠭ︾ ᠨᠢ ᠡᠷᠲᠡᠨ ᠤ ᠵᠦᠴᠦᠭᠡ ᠶᠢᠨ ᠲᠦᠷᠦᠯ ᠢᠶᠠᠷ | ᠤᠳᠤ ᠦᠶ᠎ᠡ ᠶᠢᠨ ᠰᠡᠳᠦᠪᠯᠡᠬᠦᠨ ᠢ ᠲᠣᠭᠯᠠᠵᠤ᠂ ᠰᠢᠨ᠎ᠡ ᠰᠣᠷᠭᠤᠭ ᠴᠠᠭ ᠦᠶ᠎ᠡ ᠶᠢᠨ ᠠᠭᠤᠷ ᠠᠮᠢᠰᠬᠤᠯ ᠪᠣᠯᠣᠨ ᠪᠠᠶᠠᠯᠢᠭ | ᠰᠠᠶᠢᠬᠠᠨ ᠦᠨᠳᠦᠰᠦᠲᠡᠨ ᠤ ᠵᠠᠩ ᠦᠢᠯᠡ ᠶᠢ ᠢᠯᠡᠷᠡᠭᠦᠯᠪᠡ᠃ ᠪᠡᠭᠡᠵᠢᠩ ᠵᠦᠴᠦᠭᠡ ᠺᠦᠨᠱᠠᠨ ᠵᠦᠴᠦᠭᠡ ᠶᠢᠨ ᠪᠠᠭᠠᠴᠤᠳ | ᠬᠡᠦᠬᠡᠳ ᠤᠨ ᠲᠣᠬᠯᠠᠯᠲᠠ ᠪᠠᠶᠠᠯᠢᠭ ᠰᠠᠶᠢᠬᠠᠨ ᠪᠠᠶᠢᠵᠤ᠂ ᠰᠢ ᠵᠦᠴᠦᠭᠡ ᠶᠢᠨ ᠤᠷᠠᠯᠢᠭ ᠤᠨ ᠵᠠᠯᠭᠠᠮᠵᠢᠯᠠᠭᠴᠢ ᠲᠠᠢ ᠪᠠᠶᠢᠬᠤ | ᠪᠠᠶᠠᠷᠯᠠᠭᠤᠰᠢᠲᠠᠢ ᠪᠠᠶᠢᠳᠠᠯ ᠢ ᠬᠠᠷᠠᠭᠤᠯᠤᠭᠰᠠᠨ ᠪᠠᠶᠢᠨ᠎ᠠ᠃ ᠣᠮᠤᠭ ᠪᠠᠭ᠋ᠠᠳᠤᠮ᠎ᠠ ᠰᠦᠷ ᠳᠠᠯᠠᠶᠢᠴᠠᠲᠠᠢ ᠰᠢ ᠵᠦᠴᠦᠭᠡ ︽ | ᠬᠠᠪᠤᠷ ᠨᠠᠮᠤᠷ ᠤᠨ ᠴᠤᠤᠷᠢᠶ᠎ᠠ︾ ᠨᠢ ᠦᠳᠡᠰᠢᠯᠡᠭᠡ ᠶᠢᠨ ᠠᠭᠤᠷ ᠠᠮᠢᠰᠬᠤᠯ ᠢ ᠤᠷᠭᠢᠯ ᠳᠤ ᠬᠦᠷᠭᠡᠵᠦ᠂ ᠥᠷᠭᠡᠨ ᠤᠯᠠᠨ | ᠤᠳᠬ᠎ᠠ ᠤᠷᠠᠯᠢᠭ ᠤᠨ ᠠᠵᠢᠯᠲᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠦᠢᠯᠡᠰ ᠤᠨ ᠬᠥᠭᠵᠢᠯ ᠴᠡᠴᠡᠭᠯᠡᠯ ᠢ ᠴᠢᠷᠮᠠᠶᠢᠨ | ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠭᠦᠷᠭᠡ | ᠬᠥᠭᠡᠭᠡᠴᠡᠯᠳᠦᠯ ᠳᠤ ᠣᠷᠣᠯᠴᠠᠬᠰᠡᠨ ᠢ ᠢᠯᠡᠷᠡᠭᠦᠯᠪᠡ᠃ ᠤᠷᠠᠯᠢᠭᠴᠢᠳ ᠤᠨ ᠭᠤᠶᠢᠳᠠ ᠰᠠᠶᠢᠬᠠᠨ ᠲᠣᠬᠯᠠᠯᠲᠠ ᠨᠢ ᠲᠠᠯᠠᠪᠠᠢ | ᠳᠠᠶᠠᠭᠠᠷ ᠤᠨ ᠮᠠᠭᠲᠠᠭᠠᠯ ᠰᠠᠶᠢᠰᠢᠶᠠᠯ ᠪᠠ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠦᠳᠡᠰᠢᠯᠡᠭᠡ ᠳᠤ᠂ ᠠᠳᠠᠯᠢ | ᠪᠤᠰᠤ ᠵᠦᠴᠦᠭᠡ ᠶᠢᠨ ᠲᠦᠷᠦᠯ ᠥᠩᠭᠡ ᠢᠯᠭᠠᠷᠠᠵᠤ᠂ ᠰᠣᠩᠭᠤᠳᠠᠭ ᠵᠦᠴᠦᠭᠡ ᠪᠣᠯᠣᠨ ᠰᠢᠨ᠎ᠡ ᠡᠭᠦᠳᠦᠯᠲᠡ ᠶᠢᠨ ᠰᠣᠳᠣᠨ | ᠪᠦᠲᠦᠭᠡᠯ ᠲᠤᠰ ᠲᠤᠰ ᠤᠨ ᠣᠨᠴᠠᠯᠢᠭ ᠲᠠᠢ ᠪᠠᠶᠢᠵᠤ᠂ ᠳᠤᠮᠳᠠᠳᠤ ᠶᠢᠨ ᠰᠢ ᠵᠦᠴᠦᠭᠡ ᠶᠢᠨ ᠠᠮᠢᠵᠢᠷᠠᠯ ᠤᠨ ᠬᠦᠴᠦᠨ ᠢᠶᠠᠷ | ᠪᠢᠯᠬᠠᠭᠰᠠᠨ ᠬᠥᠭᠵᠢᠯ ᠴᠡᠴᠡᠭᠯᠡᠯ ᠤᠨ ᠪᠠᠶᠢᠳᠠᠯ ᠢ ᠳᠡᠯᠭᠡᠨ ᠦᠵᠡᠭᠦᠯᠵᠦ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ | ᠲᠡᠷᠭᠡᠯᠰᠢᠭᠦᠯᠬᠦ ᠲᠡᠮᠡᠴᠡᠯ ᠤᠨ ᠢᠯᠠᠯᠲᠠ ᠶᠢᠨ ᠳᠠᠭᠤᠤ ᠶᠢ ᠬᠠᠩᠭᠢᠨᠠᠭᠤᠯᠪᠠ᠃ | ᠨᠠᠮ ᠪᠣᠯᠣᠨ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠲᠣᠬᠯᠠᠯᠲᠠ ᠶᠢ ᠰᠣᠨᠢᠷᠬᠠᠵᠠᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | | | |