ᠨᠡᠶᠢᠲᠡᠯᠡᠭᠰᠡᠨ ᠴᠠᠭ᠄ 2025/1/2 | | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 31 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 31 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠪᠦᠭᠦ ᠤᠯᠤᠰ ᠤᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ | ᠺᠠᠳ᠋ᠷᠴᠤᠳ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢᠶᠠᠷ ᠬᠥᠬᠢᠭᠦᠯᠦᠭᠳᠡᠨ ᠰᠠᠶᠢᠰᠢᠶᠠᠭᠳᠠᠭᠰᠠᠨ | ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨᠤᠰ ᠲᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ | ᠢᠯᠡᠳᠬᠡᠵᠦ᠂ ᠲᠡᠳᠡᠨ ᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠣᠣᠷ ᠴᠢᠨᠠᠷ ᠢᠶᠠᠨ | ᠡᠭᠦᠷᠢᠳᠡ ᠬᠠᠳᠠᠭᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ | ᠦᠷᠭᠦᠯᠵᠢᠯᠡᠨ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠪᠡ᠃ |  12 ᠰᠠᠷ᠎ᠠ ᠶᠢᠨ 31 ᠤ ᠡᠳᠦᠷ᠂ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠰᠢ ᠶᠢᠨ ᠫᠢᠩ᠂ ᠼᠠᠢ ᠴᠢ᠂ | ᠳ᠋ᠢᠩ ᠰᠢᠤᠸᠠᠢ ᠰᠢᠶᠠᠩ ᠨᠠᠷ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ | ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠡᠷᠢᠭᠦᠨ ᠤ ᠬᠠᠮᠲᠤ ᠪᠣᠯᠣᠨ | ᠲᠡᠷᠢᠭᠦᠨ ᠤ ᠬᠤᠪᠢ ᠬᠥᠮᠥᠨ ᠢᠶᠠᠷ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢᠳ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠬᠠᠢ ᠲᠣᠣ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠠᠭᠤᠯᠵᠠᠯᠲᠠ ᠳᠤ ᠣᠷᠣᠯᠴᠠᠪᠠ᠃ | ᠦᠳᠡ ᠶᠢᠨ ᠡᠮᠦᠨᠡᠬᠢ 11 ᠴᠠᠭ 30 ᠮᠢᠨᠦ᠋ᠲ ᠲᠤ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ | ᠬᠤᠶᠢᠲᠤ ᠶᠡᠭᠡ ᠲᠢᠩᠬᠢᠮ ᠳᠤ ᠬᠦᠷᠴᠦ ᠢᠷᠡᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ ᠶᠢᠨ | ᠫᠢᠩ ᠨᠠᠷ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠵᠤ᠂ ᠪᠠᠶᠢᠨ ᠳᠠᠭᠢᠨ ᠶᠠᠷᠢᠯᠴᠠᠵᠤ ᠪᠠᠶᠢᠭᠰᠠᠨ ᠪᠥᠭᠡᠳ | ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ |  12 ᠰᠠᠷ᠎ᠠ ᠶᠢᠨ 31 ᠤ ᠡᠳᠦᠷ᠂ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠰᠢ ᠶᠢᠨ ᠫᠢᠩ᠂ ᠼᠠᠢ ᠴᠢ᠂ | ᠳ᠋ᠢᠩ ᠰᠢᠤᠸᠠᠢ ᠰᠢᠶᠠᠩ ᠨᠠᠷ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ | ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠡᠷᠢᠭᠦᠨ ᠤ ᠬᠠᠮᠲᠤ ᠪᠣᠯᠣᠨ | ᠲᠡᠷᠢᠭᠦᠨ ᠤ ᠬᠤᠪᠢ ᠬᠥᠮᠥᠨ ᠢᠶᠠᠷ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢᠳ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ |  12 ᠰᠠᠷ᠎ᠠ ᠶᠢᠨ 31 ᠤ ᠡᠳᠦᠷ᠂ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠰᠢ ᠶᠢᠨ ᠫᠢᠩ᠂ ᠼᠠᠢ ᠴᠢ᠂ | ᠳ᠋ᠢᠩ ᠰᠢᠤᠸᠠᠢ ᠰᠢᠶᠠᠩ ᠨᠠᠷ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ | ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠡᠷᠢᠭᠦᠨ ᠤ ᠬᠠᠮᠲᠤ ᠪᠣᠯᠣᠨ | ᠲᠡᠷᠢᠭᠦᠨ ᠤ ᠬᠤᠪᠢ ᠬᠥᠮᠥᠨ ᠢᠶᠠᠷ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢᠳ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠭᠠᠨ ᠵᠢᠶᠧ ᠠᠭᠤᠯᠵᠠᠯᠲᠠ ᠳᠤ ᠣᠷᠣᠯᠴᠠᠬᠰᠠᠨ ᠪᠥᠭᠡᠳ | 30 ᠤ ᠦᠳᠡ ᠶᠢᠨ ᠡᠮᠦᠨ᠎ᠡ ᠬᠤᠷᠠᠯᠳᠤᠭᠰᠠᠨ ᠪᠦᠭᠦ ᠤᠯᠤᠰ ᠤᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠠᠬᠠᠮᠠᠳ ᠺᠠᠳ᠋ᠷ ᠤᠨ ᠠᠵᠢᠯ ᠤᠨ | ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠤ | ᠠᠬᠠᠮᠠᠳ ᠺᠠᠳ᠋ᠷ ᠤᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ ᠭᠡᠵᠦ | ᠢᠯᠡᠳᠬᠡᠪᠡ᠃ | ᠶᠡᠭᠡ ᠬᠤᠷᠠᠯ ᠠᠴᠠ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ 150 | ᠲᠡᠷᠢᠭᠦᠨ ᠤ ᠬᠠᠮᠲᠤ ᠪᠣᠯᠣᠨ 450 ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃ ᠱᠠᠩᠬᠠᠢ ᠬᠤᠳᠠ ᠶᠢᠨ | ᠶᠠᠩ ᠫᠦ᠋ ᠲᠣᠭᠤᠷᠢᠭ ᠤᠨ ︽ᠯᠣᠣ ᠶᠠᠩ ᠱᠤ᠋ ᠤᠬᠠᠭᠤᠯᠤᠨ ᠲᠠᠶᠢᠯᠪᠤᠷᠢᠯᠠᠬᠤ ᠠᠩᠭᠢ︾ ᠶᠢᠨ ᠪᠦᠯᠭᠦᠮ ᠤᠨ | ᠬᠠᠷᠢᠭᠤᠴᠠᠯᠭᠠᠲᠠᠨ ᠨᠢ ᠯᠠᠢ ᠳ᠋ᠢ᠂ ᠱᠠᠨᠰᠢ ᠮᠤᠵᠢ ᠶᠢᠨ ᠢᠦᠢ ᠯᠢᠨ ᠬᠤᠳᠠ ᠶᠢᠨ ᠵᠢᠶᠠ ᠰᠢᠶᠠᠨ ᠤ ᠠᠷᠠᠳ ᠤᠨ ᠡᠮᠨᠡᠯᠭᠡ ᠶᠢᠨ | ᠬᠤᠷᠢᠶ᠎ᠠ ᠶᠢᠨ ᠠᠵᠢᠯ ᠠᠴᠠ ᠪᠠᠨ ᠠᠮᠠᠷᠠᠭᠰᠠᠨ ᠺᠠᠳ᠋ᠷ ᠯᠦ ᠱᠧᠩ ᠮᠧᠢ᠂ ᠬᠤᠪᠢᠯᠭᠠᠨ ᠣᠩᠭᠤᠴᠠ ᠨᠡᠷᠡᠮᠵᠢᠳᠤ ᠨᠢᠰᠬᠦ | ᠣᠩᠭᠤᠴᠠ ᠶᠢᠨ ᠠᠩᠬᠠᠳᠠᠭᠴᠢ ᠶᠡᠷᠦᠩᠬᠡᠢ ᠲᠥᠯᠥᠪᠯᠡᠭᠴᠢ ᠴᠢ ᠹᠠ ᠷᠧᠨ ᠲᠤᠰ ᠲᠤᠰ ᠶᠡᠭᠡ ᠬᠤᠷᠠᠯ ᠳᠡᠭᠡᠷ᠎ᠡ ᠦᠭᠡ | ᠬᠡᠯᠡᠪᠡ᠃ | ᠾᠧ ᠸᠧᠢ ᠳ᠋ᠦᠩ᠂ ᠱᠧᠨ ᠢ ᠴᠢᠨ ᠠᠭᠤᠯᠵᠠᠯᠲᠠ ᠳᠤ ᠣᠷᠣᠯᠴᠠᠵᠤ᠂ ᠵᠢᠶᠠᠩ ᠰᠢᠨ ᡁᠢ ᠠᠭᠤᠯᠵᠠᠯᠲᠠ ᠳᠤ | ᠣᠷᠣᠯᠴᠠᠬᠰᠠᠨ ᠪᠥᠭᠡᠳ ᠶᠡᠭᠡ ᠬᠤᠷᠠᠯ ᠢ ᠡᠷᠭᠢᠯᠡᠪᠡ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | |