ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/9
                   ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ 2025 ᠣᠨ ᠤ 1 ᠰᠠᠷ᠎ᠠ ᠶᠢᠨ 8 ᠤ ᠡᠳᠦᠷ ᠬᠤᠷᠠᠯᠳᠤᠪᠠ᠃     ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ 2024 ᠣᠨ ᠤ ᠠᠵᠢᠯ ᠢ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠵᠤ᠂ 2025 ᠣᠨ ᠤ ᠠᠵᠤ ᠠᠬᠤᠢ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠵᠤ᠂ ᠪᠥᠬᠦ ᠲᠠᠯ᠎ᠠ ᠶᠢᠨ ᠴᠢᠨᠠᠷᠲᠠᠶ ᠪᠠᠷ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢ ᠠᠬᠢᠭᠤᠯᠪᠠ᠃  ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠰᠢᠵᠢᠮ ᠢ ᠲᠤᠤᠱᠯᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠷᠡᠬᠦᠯᠪᠡ︔ ᠬᠥᠭᠵᠢᠯᠲᠡ ᠶᠢᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠢᠯ ᠰᠢᠨ᠎ᠡ ᠠᠬᠢᠴᠠ ᠲᠠᠢ ᠪᠣᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠴᠤ᠂ ᠦᠨᠳᠦᠰᠦᠨ ᠱᠠᠲᠤᠨ ᠤ ᠵᠠᠰᠠᠯᠲᠠ ᠰᠢᠨ᠎ᠡ ᠳᠡᠭᠡᠭᠰᠢᠯᠡᠯᠲᠡ ᠲᠠᠢ ᠪᠣᠯᠪᠠ︔ ᠨᠢᠭᠡᠳᠦᠯᠲᠡᠢ ᠲᠥᠯᠥᠪᠵᠢᠭᠦᠯᠬᠦ ᠦᠢᠯᠡᠳᠦᠯ ᠢᠶᠠᠨ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠡᠩ ᠰᠠᠶᠢᠲᠤᠷ ᠨᠢᠭᠲᠠᠷᠠᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠴᠤ ᠴᠢᠩᠭ᠎ᠠ ᠵᠠᠰᠠᠵᠤ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤ ᠶᠢ ᠪᠦᠯᠬᠦᠮᠳᠡᠭᠦᠯᠦᠨ ᠳᠠᠭᠠᠭᠤᠯᠵᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠦᠴᠦᠯᠡᠨ ᠲᠡᠮᠡᠴᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠲᠦᠷᠭᠡᠨ ᠳᠠᠪᠰᠢᠯᠲᠠ ᠲᠠᠢ ᠪᠣᠯᠪᠠ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠭᠵᠢᠯᠲᠡ ᠶᠢᠨ ᠢᠲᠡᠭᠡᠯ ᠵᠣᠷᠢᠭ ᠲᠠᠰᠤᠷᠠᠯᠲᠠ ᠥᠬᠡᠶ ᠨᠢᠭᠲᠠᠷᠠᠵᠤ᠂ ᠬᠥᠭᠵᠢᠯᠲᠡ ᠶᠢᠨ ᠵᠣᠷᠢᠭ ᠰᠠᠨᠠᠭ᠎ᠠ  ᠪᠠᠳᠤᠵᠢᠵᠥ᠂ ᠬᠥᠭᠵᠢᠯᠲᠡ ᠶᠢᠨ ᠠᠮᠵᠢᠯᠲᠠ ᠪᠦᠲᠦᠮᠵᠢ ᠢᠯᠡ ᠬᠠᠷᠠᠬᠳᠠᠵᠥ᠂ ᠬᠥᠭᠵᠢᠯᠲᠡ ᠶᠢᠨ ᠰᠡᠳᠬᠢᠴᠡ ᠨᠠᠩ ᠲᠣᠳᠣᠷᠬᠠᠶ᠂ ᠬᠥᠭᠵᠢᠯᠲᠡ ᠶᠢᠨ ᠰᠠᠭᠤᠷᠢ ᠨᠠᠩ ᠪᠠᠲᠤ ᠪᠠᠬᠢ᠂ ᠬᠥᠭᠵᠢᠯᠲᠡ ᠶᠢᠨ ᠢᠷᠡᠭᠡᠳᠦᠶ ᠨᠠᠩ ᠥᠷᠭᠡᠨ ᠠᠭᠤᠳᠠᠮ᠂ ᠬᠥᠭᠵᠢᠯᠲᠡ ᠶᠢᠨ ᠠᠵᠠ ᠲᠣᠬᠢᠶᠠᠯ ᠨᠠᠩ ᠭᠡᠭᠡᠨ ᠰᠠᠷᠠᠭᠤᠯ ᠪᠣᠯᠪᠠ᠃ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠡᠮᠦᠨ᠎ᠡ᠂ ᠬᠥᠭᠵᠢᠯᠲᠡ ᠶᠢᠨ ᠬᠠᠨᠳᠤᠰᠢ ᠶᠢ ᠲᠦᠷᠭᠡᠳᠬᠡᠬᠦ ᠡᠭᠦᠳᠡᠨ ᠳᠤ ᠵᠣᠭᠰᠣᠵᠤ ᠂ ᠣᠷᠣᠨ ᠪᠠᠶᠢᠷᠢ᠂ ᠡᠬᠢ ᠪᠠᠶᠠᠯᠢᠭ᠂ ᠡᠨᠧᠷᠭᠢ ᠵᠡᠷᠭᠡ ᠳᠠᠪᠠᠭᠤᠯᠢᠭ ᠢ ᠪᠠᠷᠢᠮᠲᠠᠯᠠᠵᠤ᠂ ᠶᠡᠭᠡ ᠦᠢᠯᠡᠰ ᠢ ᠵᠣᠷᠢᠭᠲᠠᠢ ᠪᠠᠷ ᠡᠭᠦᠳᠦᠨ ᠪᠦᠲᠦᠭᠡᠵᠦ᠂ ᠤᠷᠬᠢᠯᠤᠮ᠎ᠠ ᠬᠠᠯᠠᠭᠤᠨ ᠵᠣᠷᠢᠭ ᠢ ᠬᠦᠪᠴᠢᠯᠠᠵᠥ   ᠬᠠᠷᠰᠢ ᠰᠠᠭᠠᠳ ᠦᠭᠡᠢ ᠲᠣᠭᠲᠠᠯ ᠬᠦᠴᠦᠨ ᠢ ᠪᠠᠳᠠᠷᠠᠭᠤᠯᠵᠤ᠂ ᠰᠡᠳᠬᠢᠯ ᠵᠢᠷᠦᠬᠡ ᠶᠢ ᠳᠣᠭᠳᠣᠯᠤᠭᠤᠯᠤᠮ᠎ᠠ ᠣᠮᠤᠭ ᠵᠣᠷᠢᠭ ᠢ ᠬᠥᠪᠴᠢᠯᠡᠵᠦ᠂  ᠵᠠᠭᠤᠨᠳᠠ ᠪᠠᠶᠢᠯᠳᠤᠬᠰᠠᠨ ᠴᠦ ᠢᠯᠠᠬᠳᠠᠬᠤ ᠦᠬᠡᠢ ᠡᠷᠴᠢ ᠬᠦᠴᠦᠨ ᠨᠡᠮᠡᠭᠳᠡᠵᠥ᠂ ᠡᠷᠡᠮᠡᠬᠡᠶᠢᠯᠡᠨ ᠤᠷᠤᠭᠰᠢᠯᠠᠵᠤ᠂ ᠡᠳᠦᠷ ᠢᠷᠡᠬᠦᠶ᠎ᠡ ᠥᠭᠡᠳᠡᠯᠡᠨ ᠰᠠᠶᠢᠵᠢᠷᠠᠵᠥ ᠪᠠᠶᠢᠭ᠎ᠠ ᠤᠳᠤᠬᠢ  ᠪᠠᠶᠢᠳᠠᠯ ᠢ ᠰᠡᠶᠢᠳᠦᠷ ᠰᠠᠬᠢᠨ   ᠬᠠᠮᠠᠭᠠᠯᠠᠵᠥ    ᠨᠡᠩ ᠭᠡᠭᠡᠨ ᠰᠠᠷᠠᠭᠤᠯ ᠢᠷᠡᠭᠡᠳᠦᠢ ᠶᠢ ᠴᠤᠬᠴᠠᠯᠠᠬᠤ ᠭᠡᠷᠡᠭᠳᠡᠢ ᠭᠡᠵᠡᠢ᠃     ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠪᠣᠯᠤᠨ᠎ᠠ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠠᠳᠬᠤᠵᠤ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ᠂ ᠦᠷᠭᠦᠯᠵᠢᠯᠡᠨ ᠴᠢᠨᠠᠷ ᠰᠠᠶᠢᠲᠠᠶ ᠪᠠᠶᠢᠬᠤ ᠶᠢ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ᠠᠵᠤ ᠠᠬᠤᠶ ᠶᠢ ᠰᠢᠮᠳᠠᠭᠤᠯᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ ᠬᠥᠭᠵᠢᠯᠲᠡ ᠶᠢ ᠠᠳᠬᠤᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠪᠡ᠃    ᠪᠥᠬᠦᠳᠡ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠡᠨᠡ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠳᠤ ᠪᠣᠳᠠᠲᠠᠶ ᠲᠣᠬᠢᠷᠠᠭᠤᠯᠤᠯᠲᠠ ᠬᠢᠪᠠ᠃ ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠡᠨᠡ ᠵᠢᠯ ᠤᠨ ᠠᠵᠥ ᠠᠬᠤᠢ ᠶᠢᠨ ᠠᠵᠢᠯ ᠢ ᠰᠡᠶᠢᠳᠦᠷ ᠬᠢᠬᠦ ᠲᠤᠬᠠᠢ ᠲᠣᠬᠢᠷᠠᠭᠤᠯᠤᠯᠲᠠ ᠶᠣᠰᠣᠭᠠᠷ᠂ ᠣᠨ ᠤ ᠠᠵᠢᠯ ᠤᠨ ᠲᠥᠯᠥᠪᠯᠡᠭᠡ ᠪᠠᠨ ᠡᠷᠲᠡᠬᠡᠨ ᠲᠣᠭᠲᠠᠭᠠᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠬᠢᠭᠤᠯᠬᠤ ᠬᠡᠷᠡᠭᠲᠡᠶ᠃ ︽ᠵᠢᠷᠭᠤᠭᠠᠨ ᠠᠵᠢᠯᠯᠠᠭ᠎ᠠ︾ ᠶᠢ ᠨᠠᠷᠢᠨ ᠬᠢᠨᠠᠮᠠᠭᠠᠢ ᠰᠤᠳᠤᠯᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠲᠥᠯᠦᠪᠵᠢᠭᠦᠯᠭᠡ ᠶᠢᠨ ᠠᠵᠢᠯᠯᠠᠭ᠎ᠠ ᠪᠠᠷ ᠭᠤᠣᠯᠳᠠᠯᠭ᠎ᠠ ᠪᠣᠯᠭᠠᠵᠤ᠂ ᠲᠦᠷᠦ ᠶᠢᠨ ᠪᠤᠳᠤᠯᠭ᠎ᠠ ᠶᠢᠨ ᠴᠢᠭᠯᠡᠯ ᠢ ᠴᠢᠩᠭ᠎ᠠ ᠠᠩᠬᠠᠷᠴᠤ ᠨᠥᠭᠡᠴᠡ ᠶᠢ ᠠᠳᠬᠤᠵᠤ᠂ ᠲᠦᠷᠦᠯ ᠵᠦᠢᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ︔ ᠠᠵᠤ ᠠᠬᠤᠶᠢᠯᠠᠯ ᠳᠤ ᠲᠤᠰᠠᠯᠠᠬᠤ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠳᠤ ᠤᠷᠢᠳᠴᠢᠯᠠᠨ ᠦᠢᠯᠡᠴᠢᠯᠡᠵᠦ᠂ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂  ᠡᠩ ᠲᠡᠷᠢᠭᠦᠨ ᠤ ᠦᠢᠯᠡᠴᠢᠯᠡᠭᠡ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ︔ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠪᠠᠷ ᠤᠳᠤᠷᠢᠳᠤᠮᠵᠢ ᠪᠣᠯᠭᠠᠵᠤ᠂ ᠠᠵᠤ ᠦᠢᠯᠡᠰ ᠢ ᠳᠡᠰ ᠳᠡᠪᠰᠢᠭᠦᠯᠬᠦ᠂ ᠦᠢᠯᠡᠴᠢᠯᠡᠭᠡ ᠶᠢ ᠲᠡᠭᠦᠯᠳᠡᠷᠵᠢᠭᠦᠯᠬᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢᠶᠠᠷ ᠠᠵᠢᠯ ᠣᠯᠭᠤᠯᠲᠠ ᠶᠢ ᠠᠬᠢᠭᠤᠯᠬᠤ ᠶᠢ ᠳᠤᠪᠤᠶᠢᠯᠭᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ︔ ᠤᠰᠤ ᠠᠷᠪᠢᠯᠠᠬᠤ ᠠᠵᠢᠯᠯᠠᠭ᠎ᠠ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠲᠠᠷᠢᠶᠠᠯᠠᠩ ᠤᠨ ᠤᠰᠤ ᠠᠷᠪᠢᠯᠠᠬᠤ ᠶᠢ ᠰᠠᠶᠢᠲᠤᠷ ᠠᠳᠬᠤᠵᠤ᠂ ᠤᠰᠤ ᠬᠡᠷᠡᠭᠯᠡᠬᠦ ᠬᠠᠲᠠᠭᠤ ᠬᠢᠵᠠᠭᠠᠷᠯᠠᠯ ᠢ ᠴᠢᠩᠭᠠᠳᠬᠠᠨ᠂ ᠤᠰᠤ ᠲᠠᠲᠠᠵᠤ ᠤᠰᠤ ᠬᠡᠷᠡᠭᠯᠡᠬᠦ ᠶᠢ ᠬᠢᠨᠠᠨ ᠬᠠᠮᠢᠶᠠᠷᠬᠤ ᠶᠢ ᠴᠢᠩᠭᠠᠳᠬᠠᠵᠤ ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ  ᠠᠬᠢᠭᠤᠯᠬᠤ ᠭᠡᠷᠡᠭᠳᠡᠢ︔ ᠣᠷᠣᠨ ᠪᠦᠰᠡ ᠶᠢᠨ ᠬᠠᠮᠲᠤᠷᠠᠯᠴᠠᠭ᠎ᠠ ᠪᠠᠷ ᠲᠦᠰᠢᠭ ᠪᠣᠯᠭᠠᠵᠤ᠂ ᠨᠠᠩ ᠣᠯᠠᠨ ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢ ᠪᠤᠶᠢᠵᠢᠭᠤᠯᠵᠤ᠂ ᠨᠠᠩ ᠣᠯᠠᠨ ᠭᠠᠳᠠᠭᠠᠳᠤ ᠪᠡᠯᠡ ᠶᠢᠨ ᠪᠡᠯᠡ ᠣᠷᠣᠭᠤᠯᠤᠯᠲᠠ ᠶᠢ ᠲᠠᠲᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠳᠣᠲᠣᠷ᠎ᠠ ᠭᠠᠳᠠᠨᠠᠬᠢ ᠶᠢ ᠬᠤᠯᠪᠣᠯᠳᠤᠭᠤᠯᠬᠤ ᠠᠵᠢᠯ ᠢ ᠨᠢᠭᠡᠳᠦᠯᠲᠡᠶ ᠲᠦᠯᠦᠪᠯᠡᠬᠦ ᠭᠡᠷᠡᠭᠳᠡᠢ︔ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠪᠦᠲᠦᠭᠡᠯ ᠳᠤ ᠠᠩᠬᠠᠷᠤᠯ ᠢᠶᠠᠨ ᠲᠥᠪᠯᠡᠷᠡᠭᠦᠯᠦᠨ ᠰᠢᠨ᠎ᠡ ᠶᠢ ᠡᠭᠦᠳᠦᠨ ᠪᠦᠲᠦᠭᠡᠬᠦ ᠶᠢ ᠠᠬᠢᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠤᠨ ᠠᠭᠤᠯᠤᠭᠳᠠᠬᠤᠨ ᠢ ᠪᠠᠶᠠᠯᠢᠬᠵᠢᠭᠤᠯᠬᠤ ᠭᠡᠷᠡᠭᠳᠡᠢ᠃   ᠪᠦᠭᠦᠳᠡ ᠬᠤᠷᠠᠯ ᠠᠴᠠ ᠡᠨᠡ ᠵᠢᠯ ᠤᠨ ᠠᠵᠤ ᠠᠬᠤᠢ ᠶᠢᠨ ᠠᠵᠢᠯ ᠤᠨ ᠭᠤᠣᠯ ᠡᠭᠦᠷᠭᠡ ᠶᠢ ᠲᠣᠳᠣᠷᠬᠠᠶᠢᠯᠠᠪᠠ᠃ ᠨᠢᠭᠡ ᠳᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠵᠦ᠂ ᠪᠡᠯᠡ ᠮᠥᠩᠭᠦ ᠲᠡᠮᠡᠴᠡᠨ ᠤᠯᠬᠤ ᠲᠦᠷᠦᠯ ᠵᠦᠢᠯ ᠲᠣᠭᠲᠠᠭᠠᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠲᠤᠮᠤ ᠪᠠ ᠬᠦᠴᠦᠷᠬᠡᠭ ᠢ ᠲᠠᠲᠠᠬᠤ ᠲᠠᠯ᠎ᠠ ᠪᠠᠷ ᠲᠠᠬᠢᠨ ᠬᠦᠴᠦᠯᠡᠵᠦ᠂ ᠪᠦᠬᠦ ᠬᠦᠴᠦᠨ ᠢᠶᠠᠷ ᠢᠶᠠᠨ ᠪᠡᠯᠡ ᠣᠷᠣᠭᠤᠯᠤᠯᠲᠠ ᠶᠢ ᠥᠷᠭᠡᠳᠬᠡᠵᠦ ᠂ ᠢᠷᠡᠭᠡᠳᠦᠢ ᠶᠢᠨ ᠬᠥᠭᠵᠢᠯᠲᠡ ᠳᠤ ᠨᠡᠩ ᠤᠯᠠᠨ ᠨᠡᠮᠡᠭᠳᠡᠯ ᠤᠨ ᠬᠡᠮᠵᠢᠶ᠎ᠡ᠂ ᠨᠡᠩ ᠶᠡᠭᠡ ᠣᠷᠣᠨ ᠵᠠᠢ ᠶᠢ ᠡᠷᠢᠯᠬᠢᠯᠡᠨ᠎ᠡ᠃ ᠬᠤᠶᠠᠷ ᠲᠤ ᠠᠵᠤ ᠦᠢᠯᠡᠳᠪᠦᠷᠢ ᠶᠢᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ ᠪᠠᠶᠢᠬᠤ ᠶᠢ ᠪᠠᠷᠢᠮᠲᠠᠯᠠᠨ᠂ ᠵᠠᠩᠭᠢᠯᠠᠭ᠎ᠠ ᠶᠢᠨ ᠴᠢᠨᠠᠷᠲᠠᠶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠦᠷᠭᠦᠯᠵᠢᠯᠡᠬᠦ᠂ ᠴᠢᠨᠠᠷ ᠰᠠᠶᠢᠲᠠᠶ ᠪᠠᠶᠢᠬᠤ ᠶᠢ ᠪᠠᠷᠢᠮᠲᠠᠯᠠᠵᠤ᠂ ᠭᠤᠤᠯᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ︔  ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠰᠦᠪᠡᠭᠴᠢᠯᠡᠨ ᠬᠥᠭᠵᠢᠭᠦᠯᠵᠦ᠂ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠭᠡ ᠬᠥᠭᠵᠢᠯᠲᠡ ᠶᠢᠨ ᠲᠦᠭᠵᠢᠷᠡᠯ ᠢ ᠵᠠᠪᠠᠯ ᠰᠢᠯᠤᠭᠤᠳᠬᠠᠨ᠎ᠠ ᠃ ᠭᠤᠷᠪᠠ ᠳᠤ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠵᠦ᠂ ᠬᠡᠷᠡᠭᠯᠡᠭᠡᠨ ᠤ ᠬᠦᠰᠡᠯ ᠰᠠᠨᠠᠭ᠎ᠠ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠠᠩᠭᠠᠯᠭ᠎ᠠ ᠶᠢ ᠤᠯᠠᠨ ᠡᠰᠢᠵᠢᠭᠦᠯᠦᠨ ᠰᠢᠨᠡᠴᠢᠯᠡᠵᠦ᠂ ᠬᠡᠷᠡᠭᠯᠡᠭᠡᠨ ᠤ ᠪᠠᠶᠢᠳᠠᠯ ᠢ ᠦᠷᠭᠡᠳᠭᠡᠨ᠂ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠬᠡᠷᠡᠭᠯᠡᠭᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠨᠢᠭᠲᠠ ᠤᠶᠠᠯᠳᠤᠭᠤᠯᠵᠤ᠂ ᠬᠡᠷᠡᠭᠯᠡᠭᠡᠨ ᠤ ᠴᠢᠳᠠᠪᠤᠷᠢ᠂ ᠬᠦᠰᠡᠯ ᠰᠠᠨᠠᠭ᠎ᠠ ᠪᠠ ᠱᠠᠳᠤ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ᠲᠦᠷᠪᠡ ᠳᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠣᠭᠤᠮᠲᠠ ᠰᠢᠪᠲᠤᠯᠬᠤ ᠶᠢ ᠭᠦᠨᠵᠡᠭᠡᠶᠢᠷᠡᠭᠦᠯᠵᠦ᠂ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠴᠤ᠂ ᠳᠠᠯᠳᠠ ᠬᠦᠴᠦᠨ ᠢ ᠭᠦᠨᠵᠡᠭᠡᠢ ᠠᠭᠤᠳᠠᠯᠬᠤ᠂ ᠬᠠᠳᠠᠭᠠᠯᠠᠮᠵᠢ ᠶᠢ ᠠᠮᠢᠳᠤᠯᠢᠭᠵᠢᠭᠤᠯᠬᠤ ᠪᠠᠷᠢᠨ ᠭᠦᠢᠴᠡᠳᠬᠡᠬᠦ ᠪᠠᠴᠢᠮ ᠡᠭᠦᠷᠭᠡ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ︔ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠠᠭᠤᠰᠤᠯᠴᠠᠨ ᠬᠥᠭᠵᠢᠭᠦᠯᠬᠦ᠂ ᠨᠡᠮᠡᠭᠳᠡᠯ ᠤᠨ ᠬᠡᠮᠵᠢᠶ᠎ᠡ ᠶᠢ ᠪᠤᠶᠢᠵᠢᠭᠤᠯᠬᠤ ᠤᠷᠳᠤ ᠬᠤᠭᠤᠴᠠᠭᠠᠨ ᠤ ᠠᠷᠭ᠎ᠠ ᠪᠤᠳᠤᠯᠭ᠎ᠠ ᠶᠢ ᠰᠠᠶᠢᠲᠤᠷ ᠲᠥᠯᠥᠪᠵᠢᠭᠦᠯᠵᠦ᠂ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠠᠵᠤ ᠦᠢᠯᠡᠰ ᠤᠨ ᠳᠠᠯᠳᠠ ᠬᠦᠴᠦᠨ ᠢ ᠪᠠᠳᠠᠷᠠᠭᠤᠯᠬᠤ ᠬᠡᠷᠡᠭᠲᠡᠢ᠃ ᠲᠠᠪᠤ ᠳᠤ᠂ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠲᠣᠭᠲᠠᠪᠤᠷᠢᠵᠢᠭᠤᠯᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠠᠯᠬᠤᠴᠠ ᠶᠢ ᠲᠦᠷᠭᠡᠳᠬᠡᠵᠦ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠵᠢᠷᠭᠤᠭ᠎ᠠ ᠳᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠣᠳᠠᠲᠠᠢ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠠᠮᠢ ᠠᠬᠤᠢ ᠶᠢᠨ ᠦᠷᠳᠡᠭ ᠢ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠦᠷᠭᠦᠯᠵᠢᠯᠡᠨ ᠬᠦᠴᠦᠯᠡᠨ ᠰᠢᠢᠳᠪᠦᠷᠢᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ      ᠪᠠᠶᠢᠭᠤᠯᠬᠤ ᠭᠡᠷᠡᠭᠳᠡᠢ᠃     ᠪᠥᠬᠦᠳᠡ ᠬᠤᠷᠠᠯ ᠠᠴᠠ᠂ ᠠᠵᠤ ᠠᠬᠤᠶ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠣᠯ ᠠᠵᠤ ᠠᠬᠤᠶ ᠶᠢᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠵᠥᠪ ᠲᠠᠯ᠎ᠠ ᠶᠢᠨ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠴᠢᠩᠭ᠎ᠠ ᠰᠠᠬᠢᠵᠤ᠂ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠤᠯᠠᠮᠵᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠬᠥᠭᠵᠢᠭᠡᠬᠦ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠨᠠᠮ ᠤᠨ ᠭᠡᠰᠢᠭᠦᠨ ᠺᠠᠳ᠋ᠷ ᠤᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠭᠦᠨᠵᠡᠭᠡᠶᠢᠷᠡᠭᠦᠯᠵᠦ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠠᠲᠤ ᠱᠤᠭᠤᠵᠥ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯᠯᠠᠬᠤ ᠶᠢ ᠬᠡᠪ ᠰᠤᠷᠲᠠᠯ ᠪᠣᠯᠭᠠᠬᠤ ᠬᠡᠷᠡᠭᠲᠡᠢ᠃ ᠬᠥᠭᠵᠢᠯᠲᠡ ᠶᠢᠨ ᠪᠣᠭᠤᠮᠲᠠ ᠰᠢᠪᠲᠤᠯᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠨᠢᠭᠡᠳᠦᠮᠡᠯ ᠹᠷᠣᠨᠲ ᠤᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ︽ᠲᠡᠰ ᠳᠡᠪᠰᠢᠭᠰᠡᠨ ᠬᠡᠪ︾ ᠢ ᠴᠣᠭᠴᠠᠯᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠵᠦ᠂ ᠪᠦᠬᠦ ᠨᠡᠶᠢᠭᠡᠮ ᠤᠨ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠬᠥᠭᠵᠢᠭᠡᠬᠦ ᠬᠡᠷᠡᠭᠲᠡᠢ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠠᠨ ᠲᠦᠮᠡᠨ ᠤ ᠢᠯᠵᠠᠷᠡᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠠᠰᠤ ᠴᠢᠨᠠᠷ ᠦᠷ᠎ᠡ ᠪᠦᠲᠦᠮᠵᠢ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠤ  ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠠᠵᠤ ᠠᠬᠤᠢ  ᠶᠢᠨ ᠬᠦᠭᠵᠢᠯᠳᠡ ᠳᠤ ᠪᠦᠯᠬᠦᠮᠳᠡᠯ ᠡᠶ᠎ᠡ ᠵᠤᠬᠢᠴᠠᠯ ᠲᠠᠢ ᠡᠮᠬᠢ  ᠲᠢᠭᠯᠢᠮ ᠲᠠᠢ ᠤᠷᠴᠢᠨ ᠲᠤᠭᠤᠷᠢᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠡᠬᠦᠳᠬᠦ ᠭᠡᠷᠡᠭᠳᠡᠢ  ᠭᠡᠵᠦ ᠴᠢᠬᠤᠯᠠᠴᠢᠯᠠᠪᠠ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠵᠢᠷᠤᠭ ᠲᠥᠰᠦᠪ ᠢ ᠰᠠᠶᠢᠨ ᠰᠠᠶᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠬᠤ ᠳᠤ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠠᠷᠢᠭᠤᠴᠠᠯᠭ᠎ᠠ ᠡᠭᠦᠷᠭᠡᠯᠡᠨ᠂ ᠤᠬᠠᠮᠰᠠᠷ ᠠᠴᠠ ᠪᠠᠨ ᠥᠪᠡᠷ ᠤᠨ ᠲᠤᠬᠠᠶᠢᠯᠠᠬᠰᠠᠨ ᠠᠵᠢᠯ ᠢᠶᠠᠨ ᠰᠠᠶᠢᠲᠤᠷ ᠬᠢᠵᠦ᠂ ᠡᠭᠦᠷᠭᠡ ᠪᠠᠨ ᠪᠦᠲᠦᠭᠡᠯᠴᠢ ᠪᠠᠷ ᠪᠡᠶᠡᠯᠡᠭᠦᠯᠬᠦ ᠬᠡᠷᠡᠭᠲᠡᠶ︔ ᠬᠢᠪᠡᠰᠦ ᠪᠦᠲᠦᠭᠡᠵᠦ᠂ ᠰᠢᠯᠢᠳᠡᠭ ᠠᠴᠠ ᠰᠤᠷᠤᠯᠴᠠᠨ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂  ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︔  ᠰᠡᠳᠬᠢᠯ ᠳᠡᠭᠡᠨ ᠲᠡᠭᠡᠭᠡᠷ᠎ᠡ ᠲᠠᠷᠤᠭᠠᠰᠦ ᠦᠬᠡᠢ ᠠᠵᠢᠯᠯᠠᠵᠥ᠂ ︽  ᠡᠮᠬᠢ ᠲᠠᠷᠠᠭ᠎ᠠ ᠶᠢᠨ ᠦᠵᠡᠯ︾ ᠢ ᠡᠷᠡᠰ ᠲᠠᠶᠠᠭᠳᠠᠵᠤ᠂ ᠨᠠᠩ ᠣᠯᠠᠨ ᠴᠠᠭ ᠪᠠ ᠣᠶᠤᠨ ᠴᠢᠳᠠᠯ ᠢᠶᠠᠨ ᠪᠣᠳᠠᠲᠠᠶ ᠠᠷᠭ᠎ᠠ ᠪᠤᠳᠤᠬᠤ᠂ ᠪᠣᠳᠠᠲᠤ ᠶᠠᠪᠤᠳᠠᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠲᠠᠯᠪᠢᠬᠤ ᠬᠡᠷᠡᠭᠲᠡᠶ ᠭᠡᠵᠡᠢ ᠃   ᠪᠦᠬᠦᠳᠡ ᠬᠤᠷᠠᠯ ᠠᠴᠠ᠂ ᠪᠦᠬᠦ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠵᠢᠱᠢᠭᠰᠡᠨ ᠬᠠᠷᠠᠯᠲᠠ ᠶᠢ ᠪᠡᠶᠡᠯᠡᠭᠦᠯᠵᠦ᠂ ᠪᠦᠬᠦ ᠬᠦᠴᠦᠨ ᠢᠶᠠᠷ ᠢᠶᠠᠨ ᠠᠵᠠ ᠲᠣᠬᠢᠶᠠᠯ ᠢ ᠠᠳᠬᠤᠵᠤ᠂ ᠲᠦᠷᠦᠯ ᠵᠦᠢᠯ ᠢ ᠰᠦᠪᠡᠭᠴᠢᠯᠡᠵᠦ᠂ ᠬᠡᠷᠡᠭᠯᠡᠭᠡ ᠶᠢ ᠠᠬᠢᠭᠤᠯᠵᠤ᠂ ᠠᠵᠤ ᠠᠬᠤᠢ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠬᠤ ᠬᠡᠷᠡᠭᠲᠡᠢ︔ ᠪᠦᠬᠦ ᠬᠦᠴᠦᠨ ᠢᠶᠠᠷ ᠢᠶᠠᠨ ᠬᠡᠯᠬᠢᠶ᠎ᠡ ᠶᠢ ᠠᠳᠬᠤᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠭᠵᠢᠯᠲᠡ ᠶᠢ ᠡᠷᠢᠯᠬᠢᠯᠡᠵᠦ᠂ ᠠᠵᠤ ᠦᠢᠯᠡᠰ ᠤᠨ ᠪᠠᠶᠢᠳᠠᠯ ᠢ ᠬᠤᠷᠠᠮᠳᠤᠭᠤᠯᠤᠨ ᠰᠢᠪᠲᠤᠯᠤᠯᠲᠠ ᠶᠢ ᠠᠬᠢᠭᠤᠯᠬᠤ ᠬᠡᠷᠡᠭᠲᠡᠢ︔ ᠪᠦᠬᠦ ᠬᠦᠴᠦᠨ ᠢᠶᠠᠷ ᠢᠶᠠᠨ ᠰᠢᠨ᠎ᠡ ᠶᠢ ᠡᠭᠦᠳᠬᠦ ᠶᠢ ᠠᠳᠬᠤᠵᠤ᠂ ᠨᠡᠭᠡᠭᠡᠯᠳᠡ ᠶᠢ ᠠᠬᠢᠭᠤᠯᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠥᠭᠡᠷᠡᠴᠢᠯᠡᠯᠲᠡ ᠶᠢᠨ ᠯᠠᠪᠳᠠᠭᠤᠨ ᠢᠶᠠᠷ  ᠤᠷᠤᠬᠰᠢᠯᠠᠬᠤ ᠶᠢ ᠠᠬᠢᠭᠤᠯᠬᠤ ᠬᠡᠷᠡᠭᠲᠡᠢ︔ ᠪᠦᠬᠦ ᠬᠦᠴᠦᠨ ᠢᠶᠠᠷ ᠢᠶᠠᠨ ᠶᠠᠰᠤ ᠴᠢᠨᠠᠷ ᠢ ᠳᠡᠭᠡᠭᠰᠢᠯᠡᠭᠦᠯᠵᠦ᠂ ᠰᠠᠭᠤᠷᠢ ᠶᠢ ᠴᠢᠩᠭᠠᠳᠬᠠᠵᠤ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ︔ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ᠬᠠᠮᠠᠭᠠᠯᠠᠯᠲᠠ ᠶᠢ ᠴᠢᠬᠤᠯᠠᠴᠢᠯᠠᠵᠤ᠂ ᠦᠨᠳᠦᠰᠦᠨ ᠵᠦᠢᠯ ᠢ ᠰᠠᠬᠢᠵᠤ᠂ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ︔ ᠪᠦᠬᠦ ᠬᠦᠴᠦᠨ ᠢᠶᠠᠷ ᠢᠶᠠᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠲᠣᠭᠲᠠᠭᠤᠨ ᠢ ᠪᠠᠲᠤᠯᠠᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠨᠡᠩ ᠭᠦᠢᠴᠡᠳ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠪᠥᠬᠦᠳᠡ ᠬᠤᠷᠠᠯ ᠠᠴᠠ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠡᠷᠡᠯᠬᠡᠭᠯᠡᠨ ᠲᠡᠮᠡᠴᠡᠵᠦ᠂ ︽ᠬᠦᠴᠢᠷᠳᠡᠯ ᠢ ᠪᠥᠬᠦ ᠲᠠᠯ᠎ᠠ ᠪᠠᠷ ᠰᠢᠪᠲᠤᠯᠵᠤ᠂ ᠴᠢᠨᠠᠷ ᠰᠠᠶᠢᠲᠠᠶ ᠳᠠᠪᠠᠯᠲᠠ ᠲᠠᠢ ᠪᠠᠷ ᠨᠡᠬᠡᠬᠦ︾᠂ ᠬᠤᠶᠢᠲᠤ ᠬᠤᠰᠢᠭᠤᠨ ᠤ ᠡᠭᠦᠷᠭᠡᠯᠡᠯ ᠢ ᠢᠯᠡᠷᠡᠭᠦᠯᠵᠦ᠂ ︽ᠰᠢᠨ᠎ᠡ ᠵᠠᠮ ᠢᠶᠠᠷ ᠵᠠᠮᠨᠠᠵᠤ᠂ ᠲᠤᠮᠳᠠ ᠲᠦᠪᠰᠢᠨ ᠳᠤ ᠤᠷᠤᠬᠤ︾  ᠬᠤᠶᠢᠳᠤ ᠬᠤᠰᠢᠭᠤᠨ ᠤ ᠠᠷᠭ᠎ᠠ ᠬᠢᠳᠡᠯ ᠢ ᠲᠡᠯᠭᠡᠵᠥ᠂  ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠤᠷᠢᠶᠠᠯᠠᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号