ᠰᠢ ᠶᠢᠨ ᠫᠢᠩ ᠴᠠᠭᠢᠯᠭᠠᠨ ᠴᠢᠮᠡᠭᠡ ᠶᠠᠪᠤᠭᠤᠯᠵᠤ ᠺᠠᠸᠢᠯᠱᠸᠧᠯᠢ ᠶᠢᠨ ᠭᠷᠦ᠋ᠽᠢᠶᠠ ᠶᠢᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2025/1/9
                    ᠨᠡᠶᠢᠲᠡᠯᠡᠭᠰᠡᠨ ᠴᠠᠭ᠄ 2025/1/8       ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠳ᠋ᠦ᠋ᠭᠡᠷ ᠰᠠᠷ᠎ᠠ ᠶᠢᠨ 3 ᠤ ᠴᠠᠭᠢᠯᠭᠠᠨ ᠮᠡᠳᠡᠭᠡ ᠣᠶᠢᠷ᠎ᠠ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ  ᠮᠢᠬᠠᠶᠢᠯ · ᠺᠠᠸᠢᠯᠱᠸᠧᠯᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠭᠷᠦ᠋ᠽᠢᠶᠠ ᠶᠢᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃            ᠰᠢ ᠶᠢᠨ ᠫᠢᠩ᠂ ᠣᠳᠣᠬᠠᠨ ᠳᠤ ᠳᠤᠮᠳᠠᠳᠤ ᠭᠷᠦ᠋ᠽᠢᠶᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠢᠳᠡᠪᠬᠢᠲᠡᠢ ᠬᠥᠭᠵᠢᠯᠲᠡ ᠶᠢᠨ  ᠪᠠᠶᠢᠳᠠᠯ ᠢᠶᠠᠨ ᠪᠠᠲᠤᠯᠠᠵᠤ ᠪᠠᠶᠢᠨ᠎ᠠ᠃ ᠬᠤᠶᠠᠷ ᠲᠠᠯ᠎ᠠ ᠶᠢᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ ᠪᠠᠬᠢᠵᠢᠵᠦ᠂ ︽ᠨᠢᠭᠡ ᠪᠦᠰᠡ ᠨᠢᠭᠡ ᠵᠠᠮ︾ ᠢ  ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠣᠯᠠᠨ ᠤᠯᠤᠰ ᠤᠨ ᠬᠠᠮᠵᠢᠯᠴᠠᠭ᠎ᠠ ᠡᠯᠪᠡᠭ ᠦᠷ᠎ᠡ ᠪᠦᠲᠦᠮᠵᠢ ᠣᠯᠪᠠ᠃  ᠪᠢ ᠳᠤᠮᠳᠠᠳᠤ ᠭᠷᠦ᠋ᠽᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ  ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠭᠦᠯᠵᠦ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ  ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠭᠷᠦ᠋ᠽᠢᠶᠠ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠬᠤᠶᠠᠷ  ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃        ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ       
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号