ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠡᠰᠡᠭ ᠨᠡᠷᠡᠲᠦ ᠬᠦᠮᠦᠰ
ᠨᠡᠶᠢᠲᠡᠯᠡᠭᠰᠡᠨ ᠴᠠᠭ᠄
2025/2/10
    ᠬᠠᠶᠢᠴᠢᠩ ᠰᠢᠪᠠᠭᠤ᠂ ᠡᠷᠡᠭᠳᠡᠢ᠂ ᠮᠣᠩᠭᠤᠯ ᠦᠨᠳᠦᠰᠦᠲᠡᠨ ᠤ ᠲᠠᠭᠤᠷᠢᠯᠢᠭ ᠤᠨ ᠤᠷᠠᠯᠢᠭᠴᠢᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠲᠦᠷᠦᠵᠥ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠤᠯᠬᠤ ᠬᠤᠯᠪᠤᠭ᠎ᠠ  ᠤᠷᠠᠯᠢᠭ ᠤᠨ ᠲᠦᠯᠦᠭᠡᠯᠡᠬᠦ ᠴᠢᠨᠠᠷᠳᠠᠢ ᠤᠯᠠᠮᠵᠢᠯᠠᠬᠴᠢ᠂ ᠥᠪᠥᠷ ᠮᠣᠩᠭᠤᠯ ᠤᠨ ᠦᠨᠳᠦᠰᠦᠲᠡᠨ ᠤ ᠳᠠᠭᠤᠤ ᠬᠥᠭᠵᠢᠮ  ᠤᠯᠠᠮᠵᠢᠯᠠᠨ ᠵᠠᠯᠭᠠᠮᠵᠢᠯᠠᠬᠤ ᠥᠷᠲᠡᠭᠡ ᠶᠢᠨ ᠣᠨᠴᠠ ᠤᠷᠢᠭᠰᠠᠨ ᠤᠷᠠᠯᠢᠭᠴᠢᠨ᠂ ᠬᠤᠷᠴᠢᠨ ᠲᠤᠤᠯᠢ ᠶᠢᠨ ᠤᠯᠠᠮᠵᠢᠯᠠᠨ ᠵᠠᠯᠭᠠᠮᠵᠢᠯᠠᠬᠤ ᠥᠷᠲᠡᠭᠡ ᠶᠢᠨ ᠣᠨᠴᠠ ᠤᠷᠢᠭᠰᠠᠨ ᠤᠷᠠᠯᠢᠭᠴᠢᠨ᠂ ᠲᠦᠩᠯᠢᠶᠣᠤ ᠬᠤᠲᠠ ᠶᠢᠨ ᠳᠠᠭᠤᠷᠢᠯᠢᠭ ᠤᠨ  ᠤᠷᠠᠯᠢᠠᠬᠴᠢᠨ  ᠪᠠ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠃ ᠬᠠᠷᠠᠬᠠᠨ ᠪᠠᠭ᠎ᠠ ᠠᠴᠠ ᠪᠠᠨ ᠳᠥᠷᠪᠡᠨ ᠤᠲᠠᠰᠤᠲᠤ ᠬᠤᠭᠤᠷ᠂ ᠠᠷᠠᠳ ᠤᠨ ᠳᠠᠭᠤᠤ᠂ ᠦᠯᠢᠭᠡᠷ᠂ ᠬᠤᠯᠪᠣᠭ᠎ᠠ ᠵᠡᠷᠭᠡ ᠮᠣᠩᠭᠤᠯ ᠦᠨᠳᠦᠰᠦᠲᠡᠨ ᠤ ᠤᠯᠠᠮᠵᠢᠯᠠᠯᠲᠤ ᠤᠷᠠᠯᠢᠭ ᠲᠤ ᠪᠠᠭ᠋ᠠᠲᠠᠢ᠂ ᠠᠷᠠᠳ ᠤᠨ ᠲᠤᠮᠳᠠᠬᠢ ᠣᠷᠴᠢᠨ ᠲᠣᠭᠤᠷᠢᠨ ᠤ ᠨᠥᠯᠥᠭᠡᠯᠡᠯ ᠤᠨ ᠳᠣᠣᠷ᠎ᠠ ᠲᠡᠷᠡ ᠦᠪᠡᠷᠳᠡᠭᠡᠨ ᠰᠤᠷᠴᠦ ᠰᠦᠪᠡᠭᠴᠢᠯᠡᠨ ︽  ᠵᠢᠨᠵᠦᠦᠷ ︾᠂ ︽ᠭᠠᠳᠠ ᠮᠡᠶᠢᠷᠡᠨ︾᠂ ︽ᠲᠠᠶᠠ ᠪᠦᠭᠡᠷ᠎ᠡ︾ ᠵᠡᠷᠭᠡ ᠠᠷᠠᠳ ᠤᠨ ᠳᠠᠭᠤᠤ ᠶᠢᠨ ᠠᠶᠠᠰ ᠬᠦᠭᠵᠢᠮ ᠪᠠ ᠳᠥᠭᠦᠮᠬᠡᠨ ᠬᠡᠯᠡᠵᠦ ᠳᠠᠭᠤᠯᠠᠬᠤ ᠤᠷ᠎ᠠ ᠮᠡᠷᠭᠡᠵᠢᠯ ᠢ  ᠰᠠᠶᠢᠨ ᠰᠤᠷᠴᠦ ᠡᠵᠡᠮᠰᠢᠪᠡ ᠃ 15 ᠨᠠᠰᠤᠲᠠᠶ ᠳᠠᠭᠠᠨ ᠳᠦᠷᠪᠡᠨ ᠤᠲᠠᠰᠤᠲᠤ ᠬᠤᠭᠤᠷ ᠤᠨ ᠪᠠᠭᠰᠢ᠂ ᠮᠣᠩᠭᠤᠯ ᠦᠨᠳᠦᠰᠦᠲᠡᠨ ᠤ ᠳᠥᠷᠪᠡᠨ ᠤᠲᠠᠰᠤᠲᠤ ᠬᠤᠭᠤᠷ ᠤᠨ ᠤᠯᠤᠰ ᠤᠨ ᠲᠡᠰ ᠤᠨ ᠤᠯᠠᠮᠵᠢᠯᠠᠭᠴᠢ ᠲᠡᠭᠰᠢᠳᠦᠭᠦᠷᠡᠩ ᠳᠤ ᠱᠠᠪᠢ ᠪᠤᠯᠵᠥ᠂ ᠳᠦᠷᠪᠡᠨ ᠤᠲᠠᠰᠤᠲᠤ ᠬᠤᠭᠤᠷ᠂ ᠠᠷᠠᠳ ᠤᠨ ᠳᠠᠭᠤᠤ᠂ ᠬᠤᠯᠪᠣᠭ᠎ᠠ᠂  ᠦᠯᠢᠭᠡᠷ ᠵᠡᠷᠭᠡ ᠳᠥᠷᠪᠡᠨ ᠤᠲᠠᠰᠤᠲᠤ ᠬᠤᠭᠤᠷ ᠤᠨ ᠤᠷ᠎ᠠ ᠮᠡᠷᠭᠡᠵᠢᠯ ᠢ ᠰᠤᠷᠤᠯᠴᠠᠵᠠᠢ᠃ ᠪᠠᠭᠰᠢ  ᠪᠠᠷᠢᠬᠰᠠᠨ ᠤ ᠳᠠᠷᠠᠭ᠎ᠠ  ᠬᠠᠶᠢᠴᠢᠩ ᠰᠢᠪᠠᠭᠤ ᠨᠡᠩ ᠬᠠᠲᠠᠭᠤᠵᠢᠯᠲᠠᠢ ᠰᠤᠷᠤᠯᠴᠠᠵᠤ᠂  ᠲᠡᠭᠰᠢᠳᠦᠭᠦᠷᠡᠩ  ᠪᠠᠭᠰᠢ ᠶᠢᠨ  ᠤᠨᠴᠠᠯᠢᠬᠳᠦ ᠳᠥᠷᠪᠡᠨ ᠤᠲᠠᠰᠤᠲᠤ ᠬᠤᠭᠤᠷ ᠤᠨ ᠬᠥᠭᠵᠢᠮ ᠤᠨ ᠤᠷ᠎ᠠ ᠮᠡᠷᠭᠡᠵᠢᠯ  ᠪᠠ᠂ ᠠᠷᠠᠳ ᠤᠨ ᠳᠠᠭᠤᠤ᠂ ᠬᠤᠯᠪᠣᠭ᠎ᠠ᠂  ᠦᠯᠢᠭᠡᠷ ᠵᠡᠷᠭᠡ  ᠲᠠᠭᠤᠷᠢᠯᠢᠭ ᠤᠨ ᠤᠷ᠎ᠠ ᠮᠡᠷᠭᠡᠵᠢᠯ ᠢ ᠮᠠᠰᠢ ᠲᠦᠷᠭᠡᠨ ᠢᠶᠠᠷ ᠡᠵᠡᠮᠰᠢᠭᠰᠡᠨ ᠪᠠᠶᠢᠨ᠎ᠠ᠃ 1999 ᠣᠨ ᠠᠴᠠ ᠡᠬᠢᠯᠡᠨ ᠲᠣᠰᠬᠤᠨ ᠠᠶᠢᠯ ᠡᠷᠦᠬᠡ ᠪᠠᠷ ᠲᠣᠭᠤᠷᠢᠵᠤ ᠥᠷᠭᠡᠨ ᠣᠯᠠᠨ ᠮᠠᠯᠴᠢᠨ ᠲᠠᠷᠢᠶᠠᠴᠢᠨ ᠳᠤ ᠬᠤᠯᠪᠣᠭ᠎ᠠ ᠳᠠᠭᠤᠤ ᠳᠠᠭᠤᠯᠠᠵᠤ᠂ ᠠᠷᠠᠳ ᠤᠨ ᠳᠠᠭᠤᠤ  ᠨᠢ ᠡᠭᠦᠨ ᠠᠴᠠ ᠡᠬᠢᠯᠡᠨ ᠠᠷᠠᠳ ᠤᠨ ᠲᠤᠮᠳᠠᠬᠢ ᠲᠠᠪᠴᠠᠩ ᠳᠤ  ᠬᠦᠭᠵᠢᠶᠡᠨᠳᠡᠢ ᠪᠣᠯᠵᠤ ᠡᠬᠢᠯᠡᠪᠡ᠃ ᠵᠣᠬᠢᠶᠠᠨ ᠪᠦᠲᠦᠭᠡᠭᠰᠡᠨ ᠪᠦᠲᠦᠭᠡᠯ ᠳᠤ ᠬᠤᠯᠪᠣᠭ᠎ᠠ ︽ᠣᠷᠴᠢᠯᠠᠩ ᠢᠶᠠᠷ  ᠲᠤᠭᠤᠷᠢᠶ᠎ᠡ ︾᠂ ︽ᠬᠤᠷᠴᠢᠨ ᠤ ᠵᠢᠷᠤᠭ᠎ᠠ ᠮᠣᠷᠢ︾᠂ ︽  ᠴᠢᠨᠳᠠᠮᠤᠨᠢ ᠬᠡᠯᠬᠢᠶ᠎ᠡ ︾ ᠵᠡᠷᠭᠡ ᠪᠣᠢ᠂ ᠬᠤᠷᠴᠢᠨ ᠤ ᠠᠷᠠᠳ ᠤᠨ ᠳᠠᠭᠤᠤ ︽ᠱᠦᠨ ᠰᠢᠶᠠᠩ︾᠂ ︽  ᠲᠤᠷᠠᠰᠤᠮ᠎ᠠ ︾᠂ ︽ᠰᠡᠳᠬᠢᠯ ᠤᠨ ᠮᠦᠩᠬᠦᠨ ᠪᠠᠭᠤᠪᠴᠢ︾ ᠵᠡᠷᠭᠡ ᠪᠤᠢ ᠃
海清.jpg
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号