ᠰᠢ ᠶᠢᠨ ᠫᠢᠩ ᠭᠠᠮᠰᠢᠭᠳᠠᠭᠰᠠᠨ ᠤᠯᠠᠨ ᠲᠦᠮᠡᠨ ᠤ ᠭᠡᠷ ᠲᠤ ᠣᠴᠢᠵᠤ᠄ ᠲᠠ ᠨᠠᠷ ᠤᠨ ᠬᠦᠰᠡᠯ ᠲᠠᠷᠤᠢ ᠪᠢᠳᠡᠨ ᠤ ᠬᠦᠰᠡᠯ ᠮᠥᠨ
ᠨᠡᠶᠢᠲᠡᠯᠡᠭᠰᠡᠨ ᠴᠠᠭ᠄
2025/2/11
                      ᠨᠡᠶᠢᠲᠡᠯᠡᠭᠰᠡᠨ ᠴᠠᠭ᠄ 2025/2/6       22 ᠤᠨ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠯᠢᠶᠣᠤᠨᠢᠩ ᠤᠨ ᠬᠤ᠋ ᠯᠦ ᠳ᠋ᠤᠤ ᠬᠤᠲᠠ ᠶᠢᠨ ᠰᠦᠢ ᠵᠥᠩ ᠰᠢᠶᠠᠨ ᠤ ᠵᠦ  ᠵᠢᠶᠠ ᠭᠸᠦ ᠲᠣᠰᠬᠤᠨ ᠳᠤ ᠬᠦᠷᠴᠦ᠂ ᠨᠢᠳᠤᠨᠤᠨ ᠤ ᠦᠶᠡᠷ ᠤᠨ ᠭᠠᠮᠰᠢᠭ ᠤᠨ ᠳᠠᠷᠠᠭᠠᠬᠢ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ  ᠠᠮᠢᠳᠤᠷᠠᠯ ᠤᠨ ᠰᠡᠷᠭᠦᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤ ᠨᠢ ᠣᠶᠢᠯᠠᠭᠠᠪᠠ᠃ ᠲᠣᠰᠬᠤᠨ ᠤ ᠠᠷᠠᠳ ᠸᠠᠩ ᠪᠦᠦ ᠸᠧᠶ ᠶᠢᠨ ᠭᠡᠷ ᠲᠤ᠂ ᠰᠢ ᠶᠢᠨ ᠫᠢᠩ  ᠭᠡᠷ ᠤᠨ ᠳᠣᠲᠣᠨ᠎ᠠ ᠭᠠᠳᠠᠨ᠎ᠠ᠂ ᠭᠡᠷ ᠪᠠᠶᠢᠰᠢᠩ ᠤᠨ ᠪᠦᠲᠦᠴᠡ ᠪᠠ ᠶᠠᠰᠤ ᠴᠢᠨᠠᠷ ᠢ ᠨᠠᠷᠢᠨ ᠪᠠᠶᠢᠴᠠᠭᠠᠨ ᠦᠵᠡᠵᠦ᠂ ᠨᠢᠭᠡ ᠭᠡᠷ ᠤᠨ ᠬᠥᠮᠦᠰ ᠲᠠᠢ ᠨᠢ ᠵᠣᠭᠤᠭᠳᠠᠵᠤ᠂ ︽ᠭᠡᠷ ᠪᠠᠶᠢᠰᠢᠩ ᠤᠰᠤᠨ ᠳᠤ ᠳᠡᠪᠲᠦᠭᠡᠳ ᠬᠡᠳᠦᠢ ᠶᠠᠭᠤᠮ᠎ᠠ ᠬᠤᠬᠢᠷᠠᠭᠰᠠᠨ︾ ᠂ ︽ᠰᠢᠨ᠎ᠡ ᠭᠡᠷ ᠪᠠᠷᠢᠬᠤ ᠳᠤ ᠵᠠᠰᠠᠭ ᠤᠨ ᠣᠷᠳᠣᠨ ᠬᠡᠳᠦᠢ ᠨᠥᠬᠦᠪᠦᠷᠢᠯᠡᠵᠦ᠂  ᠥᠪᠡᠷ ᠢᠶᠠᠨ ᠬᠡᠳᠦᠢ ᠵᠠᠷᠤᠴᠠᠭᠤᠯᠪᠠ︾᠂ ︽ᠭᠡᠷ ᠪᠦᠯᠢ ᠶᠢᠨ ᠣᠷᠣᠯᠭ᠎ᠠ ᠨᠢ ᠭᠤᠣᠯᠳᠠᠭᠤ ᠶᠠᠭᠤᠨ ᠳᠤ ᠲᠦᠰᠢᠭᠯᠡᠳᠡᠭ︾᠂ ︽ᠵᠠᠯᠠᠭᠤᠴᠤᠳ ᠬᠠᠮᠢᠭ᠎ᠠ ᠠᠵᠢᠯᠯᠠᠵᠤ  ᠪᠠᠶᠢᠬᠤ︾ ᠶᠢ ᠬᠠᠯᠠᠮᠵᠢᠯᠠᠨ ᠠᠰᠠᠭᠤᠪᠠ᠃ ᠸᠠᠩ ᠪᠦᠦ ᠸᠧᠢ ᠰᠡᠳᠬᠢᠯ ᠳᠣᠭᠳᠣᠯᠤᠮ᠎ᠠ ᠪᠠᠷ ᠶᠡᠷᠦᠩᠬᠡᠢ ᠱᠦᠵᠢ ᠳᠤ᠂ ᠡᠶᠢᠮᠦ ᠠᠭᠤᠵᠢᠭᠤ ᠭᠡᠷ ᠲᠤ ᠡᠳᠦᠢ ᠲᠦᠷᠭᠡᠨ  ᠰᠠᠭᠤᠵᠤ ᠳᠡᠶᠢᠯᠦᠨ᠎ᠡ ᠭᠡᠵᠦ ᠪᠣᠳᠣᠵᠤ ᠣᠯᠤᠭᠰᠠᠨ ᠦᠭᠡᠢ᠂ ᠶᠡᠷᠦᠩᠬᠡᠢ ᠱᠦᠵᠢ ᠳᠤ ᠲᠠᠯᠠᠷᠬᠠᠵᠤ ᠪᠠᠶᠢᠨ᠎ᠠ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ  ᠲᠠᠯᠠᠷᠬᠠᠵᠤ ᠪᠠᠶᠢᠨ᠎ᠠ ᠭᠡᠵᠡᠢ᠃ ᠰᠢ ᠶᠢᠨ ᠫᠢᠩ᠂ ᠠᠷᠠᠳ ᠲᠦᠮᠡᠨ ᠢ ᠳᠡᠭᠡᠳᠦᠯᠡᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠬᠤ ᠪᠣᠯ ᠨᠠᠮ ᠪᠠ ᠵᠠᠰᠠᠭ ᠤᠨ  ᠣᠷᠳᠣᠨ ᠤ ᠬᠢᠪᠡᠰᠦ ᠵᠣᠬᠢᠬᠤ ᠶᠠᠪᠤᠳᠠᠯ ᠶᠤᠮ᠃ ᠲᠠ ᠨᠠᠷ ᠤᠨ ᠬᠦᠰᠡᠯ ᠳᠠᠷᠤᠢ ᠪᠢᠳᠡᠨ ᠤ ᠬᠦᠰᠡᠯ ᠮᠥᠨ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ  ᠵᠣᠯ ᠵᠢᠷᠭᠠᠯᠲᠤ ᠠᠮᠢᠳᠤᠷᠠᠯ ᠢᠶᠠᠨ ᠨᠡᠩ ᠰᠠᠶᠢᠬᠠᠨ ᠥᠩᠭᠡᠷᠡᠭᠡᠶ᠎ᠡ ᠭᠡᠪᠡ᠃ ︵ᠦᠰᠦᠭ ᠪᠢᠴᠢᠭ ᠤᠨ ᠰᠤᠷᠪᠤᠯᠵᠢᠯᠠᠭᠴᠢ᠄ ᠵᠠᠩ ᠰᠢᠶᠤᠤ ᠰᠦᠩ᠂ ᠵᠦ ᠵᠢᠢ ᠴᠠᠢ᠂  ᠭᠡᠷᠡᠯ ᠵᠢᠷᠤᠭ ᠤᠨ ᠰᠤᠷᠪᠤᠯᠵᠢᠯᠠᠭᠴᠢ᠄ ᠰᠢᠶᠧ ᠬᠤᠸᠠᠨ ᡂᠢ᠂ ᠳ᠋ᠢᠩ ᠬᠠᠢ ᠲᠤᠤ︶
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号