ᠨᠡᠶᠢᠲᠡᠯᠡᠭᠰᠡᠨ ᠴᠠᠭ᠄ 2025/2/6 | | ᠰᠢᠨᠬᠤᠸᠠ ᠬᠤᠷᠢᠶ᠎ᠠ ᠶᠢᠨ ᠮᠦᠭᠳᠡᠨ ᠤ 1 ᠰᠠᠷ᠎ᠠ ᠶᠢᠨ 24 ᠤ ᠴᠠᠭᠢᠯᠭᠠᠨ ᠮᠡᠳᠡᠭᠡ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠪᠠᠶᠠᠷ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠬᠢᠷ ᠬᠦᠢᠲᠡᠨ ᠢ ᠰᠥᠷᠦᠨ ᠯᠢᠶᠣᠤᠨᠢᠩ ᠳᠤ ᠬᠦᠷᠴᠦ᠂ ᠦᠨᠳᠦᠰᠦᠨ | ᠱᠠᠲᠤᠨ ᠤ ᠺᠠᠳ᠋ᠷ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠪᠣᠯᠣᠨ ᠰᠢᠶᠠᠩᠭᠠᠩ ᠤᠨ ᠠᠬ᠎ᠠ ᠳᠡᠭᠦᠦ᠂ ᠣᠣᠮᠧᠨ ᠤ ᠠᠬ᠎ᠠ ᠳᠡᠭᠦᠦ᠂ ᠲᠠᠶᠢᠸᠠᠨ ᠤ ᠠᠬ᠎ᠠ ᠳᠡᠭᠦᠦ᠂ | ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠰᠢᠨ᠎ᠡ ᠶᠢᠨ ᠮᠡᠨᠳᠦ ᠬᠦᠷᠭᠡᠪᠡ︕ ᠤᠯᠤᠰ ᠤᠨ | ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ | ᠦᠢᠯᠡᠰ ᠢᠯᠭᠤᠮ ᠤᠷᠤᠭᠰᠢᠲᠠᠢ᠂ ᠭᠡᠷ ᠬᠤᠲᠠᠯᠠᠭᠠᠷ ᠵᠣᠯ ᠵᠢᠷᠭᠠᠯ ᠲᠠᠢ᠂ ᠮᠣᠭᠠᠢ ᠵᠢᠯ ᠳᠤ ᠥᠯᠵᠡᠢ ᠪᠡᠯᠭᠡ ᠲᠠᠢ ᠪᠠᠶᠢᠬᠤ ᠶᠢ | ᠵᠥᠩᠨᠡᠪᠡ︕ ᠠᠭᠤᠤ ᠶᠡᠭᠡ ᠡᠬᠡ ᠤᠯᠤᠰ ᠲᠦᠷᠦ ᠲᠦᠪᠰᠢᠨ ᠲᠦᠮᠡᠨ ᠠᠮᠤᠭᠤᠯᠠᠩ᠂ ᠬᠤᠷ᠎ᠠ ᠪᠣᠷᠣᠭᠠᠨ ᠲᠡᠭᠰᠢ᠂ | ᠴᠡᠴᠡᠭᠯᠡᠨ ᠬᠥᠭᠵᠢᠬᠦ ᠶᠢ ᠵᠥᠩᠨᠡᠪᠡ︕ | | | | | | 1 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠬᠤᠤ ᠫᠧᠩ ᠪᠣᠯᠣᠨ ᠮᠤᠵᠢ ᠶᠢᠨ ᠳᠠᠷᠤᠭ᠎ᠠ ᠯᠢ ᠯᠧ ᠴᠧᠩ ᠤᠨ ᠪᠠᠷ᠎ᠠ ᠪᠤᠯᠤᠯᠭ᠎ᠠ ᠲᠠᠢ ᠪᠠᠷ ᠬᠤᠯᠤ ᠠᠷᠠᠯ᠂ | ᠮᠦᠭᠳᠡᠨ᠂ ᠪᠧᠨ᠋ᠰᠢ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ ᠵᠠᠬ᠎ᠠ ᠳᠡᠯᠭᠡᠭᠦᠷ᠂ ᠨᠡᠶᠢᠭᠡᠮ ᠲᠣᠭᠤᠷᠢᠭ᠂ ᠠᠵᠤ | ᠠᠬᠤᠶᠢᠯᠠᠯ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠨᠠᠮ ᠤᠨ | ᠲᠥᠪ ᠬᠤᠷᠢᠶ᠎ᠠ ᠶᠢᠨ ᠬᠠᠶᠢᠷ᠎ᠠ ᠬᠠᠯᠠᠮᠵᠢ ᠪᠣᠯᠣᠨ ᠵᠥᠩᠨᠡᠯ ᠢ ᠬᠦᠷᠭᠡᠪᠡ᠃ | | | | | | 22 ᠤᠨ ᠦᠳᠡ ᠶᠢᠨ ᠬᠤᠶᠢᠨ᠎ᠠ᠂ ᠰᠢ ᠶᠢᠨ ᠫᠢᠩ ᠬᠤᠯᠤ ᠠᠷᠠᠯ ᠬᠤᠳᠠ ᠳᠤ ᠬᠦᠷᠴᠦ᠂ ᠮᠠᠰᠢᠨ ᠲᠡᠷᠭᠡ ᠪᠠᠷ ᠴᠠᠭ | ᠰᠢᠬᠠᠮ ᠶᠠᠪᠤᠭᠠᠳ ᠰᠦᠢ ᠵᠦᠩ ᠰᠢᠶᠠᠨ ᠤ ᠮᠢᠩ ᠱᠦᠢ ᠶᠢᠨ ᠮᠠᠨᠵᠤ ᠦᠨᠳᠦᠰᠦᠲᠡᠨ ᠤ ᠰᠢᠶᠠᠩ ᠤᠨ ᠵᠦ ᠵᠢᠶᠠ ᠭᠧᠦ | ᠲᠣᠰᠬᠤᠨ ᠳᠤ ᠭᠦᠷᠪᠡ᠃ ᠨᠢᠳᠤᠨᠤᠨ ᠤ 8 ᠰᠠᠷ᠎ᠠ ᠳᠤ ᠠᠳᠡ ᠬᠦᠨᠳᠦ ᠨᠣᠴᠢᠲᠠᠢ ᠦᠶᠡᠷ ᠤᠨ ᠭᠠᠮᠰᠢᠭ ᠪᠣᠯᠵᠤ᠂ ᠡᠪᠦᠯ | ᠪᠤᠯᠬᠤ ᠠᠴᠠ ᠡᠮᠦᠨ᠎ᠡ 41 ᠡᠷᠦᠭᠡ ᠲᠣᠰᠬᠤᠨ ᠤ ᠠᠷᠠᠳ ᠳᠠᠭᠢᠨ ᠪᠠᠶᠢᠭᠤᠯᠤᠭᠰᠠᠨ ᠰᠢᠨ᠎ᠡ ᠰᠠᠭᠤᠴᠠ ᠳᠤ ᠨᠡᠭᠦᠨ | ᠣᠷᠣᠵᠠᠢ᠃ ᠰᠢ ᠶᠢᠨ ᠫᠢᠩ ᠲᠣᠰᠬᠤᠨ ᠤ ᠵᠠᠬ᠎ᠠ ᠳᠤ ᠭᠠᠮᠰᠢᠭᠳᠠᠭᠰᠠᠨ ᠣᠷᠣᠨ ᠢ ᠪᠠᠶᠢᠴᠠᠭᠠᠨ ᠦᠵᠡᠵᠦ᠂ ᠲᠤᠬᠠᠢ ᠶᠢᠨ | ᠦᠶ᠎ᠡ ᠶᠢᠨ ᠭᠡᠷ ᠪᠠᠶᠢᠰᠢᠩ ᠤᠰᠤᠨ ᠳᠤ ᠠᠪᠲᠠᠭᠳᠠᠭᠰᠠᠨ ᠪᠠ ᠲᠣᠰᠬᠤᠨ ᠤ ᠠᠷᠠᠳ ᠢ ᠰᠢᠯᠵᠢᠭᠦᠯᠦᠭᠰᠡᠨ ᠪᠠᠶᠢᠳᠠᠯ ᠢ ᠨᠠᠷᠢᠨ | ᠠᠰᠠᠭᠤᠵᠤ᠂ ᠲᠠᠷᠠᠭ᠎ᠠ ᠨᠢ ᠲᠣᠰᠬᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ | ᠬᠦᠷᠴᠦ ᠸᠢᠳᠢᠤ᠋᠂ ᠦᠵᠡᠭᠦᠯᠭᠡ ᠶᠢᠨ ᠰᠠᠮᠪᠠᠷ᠎ᠠ ᠠᠴᠠ ᠭᠠᠮᠰᠢᠭ ᠤᠨ ᠳᠠᠷᠠᠭᠠᠬᠢ ᠰᠡᠷᠭᠦᠭᠡᠨ ᠪᠦᠲᠦᠭᠡᠨ ᠪᠠᠶᠢᠭᠤᠯᠤᠭᠰᠠᠨ | ᠠᠬᠢᠴᠠ ᠶᠢ ᠣᠶᠢᠯᠠᠭᠠᠵᠤ᠂ ᠲᠤᠬᠠᠢ ᠶᠢᠨ ᠭᠠᠵᠠᠷ ᠤᠨ ᠺᠠᠳ᠋ᠷ ᠢ ᠡᠷᠬᠡᠪᠰᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ | ᠰᠠᠶᠢᠲᠤᠷ ᠲᠣᠬᠢᠷᠠᠭᠤᠯᠵᠤ᠂ ᠳᠤᠯᠠᠭᠠᠬᠠᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃ | | | | | ᠪᠢᠯᠢᠭ ᠤᠨ ᠤᠯᠠᠷᠢᠯ ᠤᠨ ᠯᠠ ᠰᠠᠷ᠎ᠠ ᠶᠢᠨ ᠬᠤᠷᠢᠨ ᠭᠤᠷᠪᠠᠨ ᠪᠣᠯᠬᠤᠷ ᠠᠶᠢᠯ ᠡᠷᠦᠭᠡ ᠪᠣᠯᠭᠠᠨ ᠬᠤᠣᠰ ᠤᠶᠠᠩᠭ᠎ᠠ | ᠬᠠᠶᠢᠴᠢᠯᠠᠮᠠᠯ ᠨᠠᠭᠠᠵᠠᠢ᠃ ᠰᠢ ᠶᠢᠨ ᠫᠢᠩ ᠤᠷᠢᠳ ᠬᠤᠵᠢᠳ ᠲᠣᠰᠬᠤᠨ ᠤ ᠠᠷᠠᠳ ᠵᠦ ᠰᠢ ᠼᠦᠨ᠂ ᠸᠠᠩ ᠪᠦᠦ | ᠸᠧᠢ ᠶᠢᠨ ᠭᠡᠷ ᠲᠤ ᠬᠦᠷᠴᠦ᠂ ᠭᠡᠷ ᠪᠠᠶᠢᠰᠢᠩ ᠤᠨ ᠪᠦᠲᠦᠴᠡ ᠶᠠᠰᠤ ᠴᠢᠨᠠᠷ ᠪᠣᠯᠣᠨ ᠴᠠᠭᠠᠨ ᠰᠠᠷ᠎ᠠ ᠶᠢᠨ ᠪᠠᠷᠠᠭ᠎ᠠ ᠪᠠᠨ | ᠪᠡᠯᠡᠳᠬᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠵᠠᠰᠠᠭ ᠤᠨ ᠣᠷᠳᠣᠨ ᠤ ᠳᠠᠭᠢᠨ ᠪᠠᠶᠢᠭᠤᠯᠤᠭᠰᠠᠨ ᠭᠡᠷ ᠪᠠᠶᠢᠰᠢᠩ ᠤᠨ | ᠨᠥᠬᠦᠪᠦᠷᠢ ᠶᠢ ᠣᠯᠣᠭᠰᠠᠨ ᠡᠰᠡᠬᠦ᠂ ᠲᠣᠰᠬᠤᠨ ᠤ ᠠᠷᠠᠳ ᠤᠨ ᠣᠷᠣᠯᠭ᠎ᠠ ᠭᠤᠣᠯᠳᠠᠭᠤ ᠬᠠᠮᠢᠭ᠎ᠠ ᠠᠴᠠ ᠢᠷᠡᠯ ᠲᠠᠢ ᠶᠢ | ᠣᠶᠢᠯᠠᠭᠠᠪᠠ᠃ ᠸᠠᠩ ᠪᠦᠦ ᠸᠧᠢ ᠶᠢᠨ ᠬᠢᠨ ᠲᠠᠢ ᠬᠠᠮᠲᠤ ᠰᠠᠭᠤᠵᠤ ᠪᠠᠶᠢᠬᠤ ᠳᠤ᠂ ᠸᠠᠩ ᠪᠦᠦ ᠸᠧᠢ ᠶᠡᠷᠦᠩᠬᠡᠢ ᠱᠦᠵᠢ ᠳᠤ | ᠂ ᠰᠢᠨ᠎ᠡ ᠭᠡᠷ ᠰᠠᠷᠠᠭᠤᠯ ᠠᠭᠤᠵᠢᠮ ᠳᠤᠯᠠᠭᠠᠬᠠᠨ ᠪᠠᠶᠢᠨ᠎ᠠ᠂ ᠴᠠᠭᠠᠨ ᠰᠠᠷ᠎ᠠ ᠶᠢᠨ ᠪᠠᠷᠠᠭ᠎ᠠ ᠪᠠᠨ ᠪᠦᠭᠦᠨ ᠢ ᠪᠡᠯᠡᠳᠬᠡᠵᠡᠢ᠂ | ᠪᠦᠭᠦ ᠲᠣᠰᠬᠤᠨ ᠤ ᠬᠥᠮᠥᠰ ᠴᠢᠩ ᠰᠡᠳᠬᠢᠯ ᠠᠴᠠ ᠪᠠᠨ ᠨᠠᠮ ᠳᠤ ᠲᠠᠯᠠᠷᠬᠠᠵᠤ᠂ ᠶᠡᠷᠦᠩᠬᠡᠢ ᠱᠦᠵᠢ ᠳᠤ ᠲᠠᠯᠠᠷᠬᠠᠵᠤ | ᠪᠠᠶᠢᠨ᠎ᠠ ᠭᠡᠵᠦ ᠬᠡᠯᠡᠪᠡ᠃ ᠰᠢ ᠶᠢᠨ ᠫᠢᠩ ᠲᠡᠭᠦᠨ ᠠᠴᠠ ᠪᠠᠰᠠ ᠶᠠᠮᠠᠷ ᠱᠠᠭᠠᠷᠳᠠᠯᠭ᠎ᠠ ᠪᠠ ᠬᠦᠰᠡᠯ ᠡᠷᠡᠮᠡᠯᠵᠡᠯ ᠪᠠᠶᠢᠬᠤ ᠪᠤᠢ | ᠭᠡᠵᠦ ᠠᠰᠠᠭᠤᠬᠤ ᠳᠤ᠂ ᠲᠡᠷᠡ᠂ ᠠᠮᠢᠳᠤᠷᠠᠯ ᠨᠡᠩ ᠰᠠᠶᠢᠨ ᠰᠠᠶᠢᠬᠠᠨ ᠪᠤᠯᠬᠤ ᠶᠢ ᠬᠦᠰᠡᠵᠦ ᠪᠠᠶᠢᠨ᠎ᠠ ᠭᠡᠪᠡ᠃ ᠰᠢ ᠶᠢᠨ | ᠫᠢᠩ᠂ ᠲᠠ ᠨᠠᠷ ᠤᠨ ᠬᠦᠰᠡᠯ ᠡᠷᠡᠮᠡᠯᠵᠡᠯ ᠪᠣᠯ ᠪᠢᠳᠡᠨ ᠤ ᠬᠦᠰᠡᠯ ᠡᠷᠡᠮᠡᠯᠵᠡᠯ ᠮᠥᠨ᠂ ᠨᠠᠮ ᠪᠠ ᠵᠠᠰᠠᠭ ᠤᠨ ᠣᠷᠳᠣᠨ ᠪᠣᠯ | ᠬᠡᠵᠢᠶᠡᠳᠡ ᠠᠷᠠᠳ ᠣᠯᠠᠨ ᠤ ᠬᠦᠴᠦᠷᠬᠡᠭ ᠶᠡᠭᠡ ᠲᠦᠰᠢᠭ ᠮᠥᠨ ᠭᠡᠵᠦ ᠲᠡᠭᠦᠨ ᠳᠤ ᠪᠠᠶᠠᠷᠲᠠᠶᠢᠬᠠᠨ ᠬᠡᠯᠡᠪᠡ᠃ | | | | | | | ᠲᠣᠰᠬᠤᠨ ᠠᠴᠠ ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠤᠳ ᠶᠡᠷᠦᠩᠬᠡᠢ ᠱᠦᠵᠢ ᠲᠠᠢ ᠮᠡᠨᠳᠦᠴᠢᠯᠡᠵᠡᠭᠡᠵᠦ᠂ | ᠠᠯᠠᠭ᠎ᠠ ᠲᠡᠰᠢᠯᠲᠡ ᠶᠢᠨ ᠲᠠᠭᠤᠨ᠂ ᠪᠠᠶᠠᠷᠯᠠᠨ ᠬᠥᠭᠡᠷᠦᠯᠳᠦᠬᠦ ᠲᠠᠭᠤᠨ ᠵᠢᠵᠢᠭ ᠠᠭᠤᠯᠠᠨ ᠲᠣᠰᠬᠤᠨ ᠳᠤ ᠴᠤᠤᠷᠢᠶᠠᠲᠤᠪᠠ᠃ | ᠰᠢ ᠶᠢᠨ ᠫᠢᠩ ᠨᠤᠲᠤᠭ ᠤᠨ ᠠᠬ᠎ᠠ ᠳᠡᠭᠦᠦ ᠨᠠᠷ ᠲᠤ᠂ ᠨᠢᠳᠤᠨᠤᠨ ᠠᠴᠠ ᠨᠠᠭᠠᠰᠢ ᠲᠠᠨ ᠤ ᠠᠳᠡᠬᠢ ᠶᠢ ᠪᠠᠭᠲᠠᠭᠠᠭᠰᠠᠨ | ᠮᠠᠨ ᠤ ᠤᠯᠤᠰ ᠤᠨ ᠵᠠᠷᠢᠮ ᠭᠠᠵᠠᠷ ᠣᠷᠣᠨ ᠪᠠᠶᠢᠭᠠᠯᠢ ᠶᠢᠨ ᠭᠠᠮᠰᠢᠭ ᠲᠤ ᠤᠴᠠᠷᠠᠪᠠ᠃ ᠮᠠᠨ ᠤ ᠨᠠᠮ ᠠᠷᠠᠳ ᠲᠦᠮᠡᠨ ᠢ | ᠳᠡᠭᠡᠳᠦᠯᠡᠬᠦ ᠶᠢ ᠪᠠᠷᠢᠮᠲᠠᠯᠠᠵᠤ᠂ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ ᠭᠠᠮᠰᠢᠭ ᠲᠠᠢ ᠲᠡᠮᠡᠴᠡᠵᠦ ᠭᠠᠮᠰᠢᠭ ᠠᠴᠠ | ᠠᠪᠤᠷᠠᠬᠤ ᠴᠢᠬᠤᠯᠠ ᠶᠡᠭᠡ ᠢᠯᠠᠯᠲᠠ ᠣᠯᠪᠠ᠃ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠪᠢ ᠨᠠᠮ ᠤᠨ | ᠲᠥᠪ ᠬᠤᠷᠢᠶ᠎ᠠ ᠶᠢᠨ ᠡᠮᠦᠨ᠎ᠡ ᠠᠴᠠ ᠭᠠᠮᠰᠢᠭᠳᠠᠭᠰᠠᠨ ᠣᠯᠠᠨ ᠲᠦᠮᠡᠨ ᠪᠣᠯᠣᠨ ᠭᠠᠮᠰᠢᠭ ᠤᠨ ᠳᠠᠷᠠᠭ᠎ᠠ ᠰᠡᠷᠭᠦᠭᠡᠨ | ᠪᠦᠲᠦᠭᠡᠨ ᠪᠠᠶᠢᠭᠤᠯᠬᠤ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠭᠰᠡᠨ ᠺᠠᠳ᠋ᠷ ᠣᠯᠠᠨ ᠲᠦᠮᠡᠨ ᠳᠤ ᠴᠢᠩ ᠰᠡᠳᠬᠢᠯ ᠤᠨ | ᠲᠣᠬᠤᠨᠢᠭᠤᠯᠤᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ ᠪᠠᠶᠢᠨ᠎ᠠ ᠭᠡᠵᠡᠢ᠃ | | | | | | | | ᠮᠦᠭᠳᠡᠨ ᠤ ᠳ᠋ᠡ ᠳ᠋ᠦᠩ ᠬᠤᠯᠢᠰᠢᠨ ᠢᠳᠡᠭᠡᠨ ᠤ ᠳᠡᠯᠭᠡᠭᠦᠷ ᠥᠨᠢ ᠤᠳᠠᠭᠠᠨ ᠲᠡᠦᠬᠡ ᠲᠠᠢ᠂ ᠥᠪᠡᠷᠮᠢᠴᠡ ᠣᠨᠴᠠᠯᠢᠭ ᠲᠠᠢ | ᠰᠢᠨ᠎ᠡ ᠶᠢᠨ ᠪᠠᠷᠠᠭ᠎ᠠ ᠶᠢ ᠬᠠᠷᠠᠭ᠎ᠠ ᠳᠦᠭᠦᠷᠡᠩ ᠥᠷᠥᠵᠡᠢ᠃ 23 ᠤ ᠦᠳᠡ ᠶᠢᠨ ᠡᠮᠦᠨ᠎ᠡ᠂ ᠰᠢ ᠶᠢᠨ ᠫᠢᠩ ᠠᠳᠡ ᠢᠷᠡᠵᠦ | ᠂ ᠤᠯᠠᠨ ᠳᠡᠯᠭᠡᠭᠦᠷ ᠢ ᠪᠠᠶᠢᠴᠠᠭᠠᠨ ᠦᠵᠡᠵᠦ᠂ ᠳᠡᠯᠭᠡᠭᠦᠷ ᠤᠨ ᠡᠵᠡᠨ ᠪᠣᠯᠣᠨ ᠵᠣᠴᠢᠳ ᠲᠠᠢ ᠪᠠᠶᠢᠨ ᠲᠠᠭᠢᠨ ᠶᠠᠷᠢᠯᠴᠠᠵᠤ᠂ | ᠪᠠᠶᠠᠷ ᠤᠨ ᠡᠳᠦᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ | ᠤᠯᠠᠨ ᠢᠶᠠᠷ ᠢᠶᠠᠨ ᠶᠡᠷᠦᠩᠬᠡᠢ ᠱᠦᠵᠢ ᠲᠠᠢ ᠠᠭᠤᠯᠵᠠᠭᠠᠳ ᠮᠠᠰᠢ ᠳᠣᠭᠳᠣᠯᠵᠤ᠂ ︽ᠶᠡᠷᠦᠩᠬᠡᠢ ᠱᠦᠵᠢ ᠰᠠᠶᠢᠨ ᠪᠠᠶᠢᠨ᠎ᠠ ᠦᠦ︾ | ᠭᠡᠵᠦ ᠪᠠᠶᠠᠷᠯᠠᠯᠳᠤᠨ ᠬᠠᠰᠬᠢᠷᠪᠠ︕ ᠰᠢ ᠶᠢᠨ ᠫᠢᠩ ︽ᠢᠳᠡᠰᠢᠨ ᠨᠣᠭᠤᠭ᠎ᠠ︾᠂ ︽ᠠᠮᠤ ᠪᠤᠳᠠᠭ᠎ᠠ︾᠂ ︽ᠭᠤᠸ᠎ᠠ | ᠵᠢᠮᠢᠰ︾ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ ᠂ ᠤᠳᠤ ᠡᠳ᠋ ᠪᠣᠳᠠᠰ ᠡᠯᠪᠡᠭ ᠳᠡᠯᠪᠡᠭ ᠪᠣᠯᠵᠤ ᠪᠠᠶᠢᠨ᠎ᠠ᠂ | ᠴᠠᠭᠠᠨ ᠰᠠᠷ᠎ᠠ ᠶᠢᠨ ᠵᠣᠯᠭᠠᠯᠲᠠ ᠳᠤ ᠤᠯᠠᠨ ᠲᠦᠮᠡᠨ ᠤ ᠨᠡᠩ ᠰᠠᠶᠢᠨ ᠢᠳᠡᠵᠦ ᠡᠷᠡᠭᠦᠯ ᠬᠤᠭᠤᠯᠠᠯᠠᠬᠤ ᠶᠢ ᠪᠠᠲᠤᠯᠠᠬᠤ | ᠬᠡᠷᠡᠭᠲᠡᠢ ᠭᠡᠵᠦ ᠤᠯᠠᠨ ᠳᠤ ᠬᠡᠯᠡᠪᠡ᠃ | | ᠳᠠᠷᠠᠭ᠎ᠠ ᠨᠢ᠂ ᠰᠢ ᠶᠢᠨ ᠫᠢᠩ ᠲᠥᠪᠯᠡᠷᠡᠭᠦᠯᠦᠨ ᠥᠭᠡᠷᠡᠴᠢᠯᠡᠨ ᠪᠠᠶᠢᠭᠤᠯᠤᠭᠰᠠᠨ ᠳ᠋ᠠ ᠳ᠋ᠦᠩ ᠲᠣᠭᠤᠷᠢᠭ ᠤᠨ ᠴᠠᠩ | ᠠᠨ ᠵᠡᠭᠡᠯᠢ ᠭᠤᠳᠤᠮᠵᠢ ᠶᠢᠨ ᠴᠠᠩ ᠠᠨ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠳᠥᠷᠪᠡᠨ ᠦᠶ᠎ᠡ ᠪᠠᠷ ᠢᠶᠠᠨ | ᠬᠠᠮᠲᠤ ᠠᠮᠢᠳᠤᠷᠠᠵᠤ ᠪᠠᠶᠢᠭ᠎ᠠ ᠯᠠᠩ ᠰᠦ᠋ ᠯᠠᠨ ᠤ ᠬᠢᠨ ᠳᠤ ᠬᠦᠷᠴᠦ ᠪᠣᠯᠭᠤᠭᠠᠨ ᠦᠵᠡᠪᠡ᠃ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠤ ᠳᠠᠷᠠᠭ᠎ᠠ ᠣᠷᠣᠨ ᠰᠠᠭᠤᠴᠠ ᠶᠢᠨ ᠣᠷᠴᠢᠨ ᠲᠣᠭᠤᠷᠢᠨ ᠢᠯᠡᠳᠲᠡ | ᠰᠠᠶᠢᠵᠢᠷᠠᠵᠤ᠂ ᠡᠯ᠎ᠡ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠨᠠᠶᠢᠳᠠᠪᠤᠷᠢᠵᠢᠭᠤᠯᠤᠭᠰᠠᠨ ᠢ ᠣᠶᠢᠯᠠᠭᠠᠵᠤ ᠮᠡᠳᠡᠭᠡᠳ ᠰᠢ | ᠶᠢᠨ ᠫᠢᠩ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠬᠤᠳᠠ ᠶᠢᠨ ᠰᠢᠨᠡᠴᠢᠯᠡᠯᠲᠡ ᠶᠢ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠠᠯᠢᠪᠠ | ᠪᠦᠭᠦᠨ ᠳᠤ ᠠᠷᠠᠳ ᠲᠤ ᠲᠦᠭᠦᠮ ᠦᠵᠡᠭᠦᠯᠭᠦ᠂ ᠠᠷᠠᠳ ᠲᠤ ᠠᠰᠢᠭ ᠬᠦᠷᠲᠡᠭᠡᠬᠦ᠂ ᠠᠷᠠᠳ ᠢ ᠠᠮᠤᠷᠵᠢᠭᠤᠯᠬᠤ ᠶᠢ | ᠠᠩᠬᠠᠷᠴᠤ᠂ ᠣᠨᠴᠠᠭᠠᠶᠢᠯᠠᠨ ︽ᠥᠲᠡᠭᠦᠰ ᠨᠢᠯᠬᠠᠰ︾ ᠢ ᠨᠡᠩ ᠰᠠᠶᠢᠲᠤᠷ ᠬᠠᠶᠢᠷᠠᠯᠠᠨ ᠬᠠᠯᠠᠮᠵᠢᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠵᠠᠷᠢᠮ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠬᠤᠣᠰ ᠤᠶᠠᠩᠭ᠎ᠠ ᠪᠢᠴᠢᠵᠦ᠂ ᠬᠡᠦᠬᠡᠳ ᠤᠳ ᠳᠤᠮᠳᠠᠳᠤ ᠤᠯᠤᠰ ᠤᠨ ᠵᠠᠩᠭᠢᠶ᠎ᠠ | ᠵᠠᠩᠭᠢᠳᠴᠤ ᠪᠠᠶᠢᠯ᠎ᠠ᠃ ᠰᠢ ᠶᠢᠨ ᠫᠢᠩ ᠲᠡᠳᠡᠨ ᠤ ᠳᠤᠮᠳᠠ ᠬᠦᠷᠴᠦ᠂ ᠲᠡᠳᠡᠨ ᠤ ᠪᠦᠲᠦᠭᠡᠯ ᠢ ᠪᠠᠶᠢᠨ ᠲᠡᠭᠢᠨ ᠮᠠᠭᠲᠠᠨ | ᠰᠠᠶᠢᠰᠢᠶᠠᠵᠤ᠂ ᠲᠡᠳᠡᠨ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠠᠩ ᠰᠠᠶᠢᠲᠤᠷ ᠤᠯᠠᠮᠵᠢᠯᠠᠨ | ᠪᠠᠳᠠᠷᠠᠭᠤᠯᠤᠭᠠᠷᠠᠢ ᠭᠡᠵᠦ ᠵᠣᠷᠢᠭᠵᠢᠭᠤᠯᠪᠠ᠃ ᠰᠢ ᠶᠢᠨ ᠫᠢᠩ ᠪᠠᠰᠠ ᠨᠡᠶᠢᠭᠡᠮ ᠲᠣᠭᠤᠷᠢᠭ ᠤᠨ ᠠᠵᠢᠯ ᠠᠴᠠ ᠪᠠᠨ | ᠠᠮᠠᠷᠠᠭᠰᠠᠳ ᠤᠨ ᠲᠣᠭᠯᠠᠭᠰᠠᠨ ᠯᠢᠩᠪᠤ ᠶᠢᠨ ᠨᠠᠶᠢᠷᠠᠯ ᠬᠥᠭᠵᠢᠮ ᠢ ᠰᠣᠨᠢᠷᠬᠠᠪᠠ᠃ ᠲᠡᠷᠡ᠂ ᠴᠠᠭᠠᠨ ᠰᠠᠷ᠎ᠠ ᠪᠠᠨ ᠰᠠᠶᠢᠬᠠᠨ | ᠥᠩᠭᠡᠷᠡᠭᠦᠯᠬᠦ ᠨᠢ ᠰᠢᠨ᠎ᠡ ᠵᠢᠯ ᠳᠤ ᠰᠠᠶᠢᠨ ᠰᠠᠶᠢᠬᠠᠨ ᠡᠭᠢᠯᠡᠯᠲᠡ ᠲᠠᠢ ᠪᠤᠯᠬᠤ ᠶᠢ ᠬᠠᠷᠠᠭᠤᠯᠵᠤ ᠪᠠᠶᠢᠨ᠎ᠠ᠂ ᠠᠶᠢᠯ ᠪᠣᠯᠭᠠᠨ | ᠵᠣᠯ ᠵᠢᠷᠭᠠᠯ ᠲᠠᠢ ᠠᠮᠢᠳᠤᠷᠠᠵᠤ᠂ ᠨᠠᠰᠤᠲᠠᠨ ᠵᠠᠯᠠᠭᠤ ᠪᠦᠭᠦᠳᠡᠭᠡᠷ ᠢᠶᠠᠨ ᠪᠠᠶᠠᠷ ᠪᠠᠶᠠᠰᠬᠤᠯᠠᠩ ᠲᠠᠢ ᠪᠠᠶᠢᠬᠤ ᠨᠢ ᠬᠥᠮᠥᠨ ᠤ | ᠶᠢᠷᠲᠢᠨᠴᠦ ᠶᠢᠨ ᠭᠤᠶᠢᠳᠠ ᠦᠵᠡᠮᠵᠢ ᠪᠣᠯᠣᠨ᠎ᠠ᠃ ᠪᠢᠳᠠ ᠬᠠᠮᠲᠤ ᠪᠠᠷ ᠴᠢᠷᠮᠠᠶᠢᠵᠤ᠂ ᠡᠨᠡ ᠬᠦ ᠦᠵᠡᠮᠵᠢ ᠶᠢ ᠤᠯᠠᠮ ᠠᠴᠠ | ᠤᠯᠠᠮ ᠦᠵᠡᠰᠬᠦᠯᠡᠩᠲᠡᠢ ᠪᠤᠯᠭᠠᠬᠤ ᠬᠡᠷᠡᠭᠲᠡᠢ ᠭᠡᠵᠦ ᠳᠠᠶᠠᠭᠠᠷ ᠲᠤ ᠭᠦᠨ ᠰᠡᠳᠬᠢᠯᠭᠡ ᠲᠠᠢ ᠬᠡᠯᠡᠪᠡ . | ᠰᠠᠭᠤᠭᠠᠯᠢ ᠠᠷᠠᠳ ᠤᠨ ᠲᠣᠭᠤᠷᠢᠭ ᠤᠨ ᠰᠣᠶᠣᠯ ᠤᠨ ᠠᠭᠤᠳᠠᠮ ᠲᠠᠯᠠᠪᠠᠢ ᠳᠤ᠂ ᠰᠠᠭᠤᠭᠠᠯᠢ ᠠᠷᠠᠳ ᠪᠠᠶᠠᠷ | ᠭᠦᠷ ᠲᠠᠢ ᠪᠠᠷ ᠶᠠᠩᠭᠠᠷ ᠪᠥᠵᠢᠭᠯᠡᠨ᠎ᠡ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠤᠯᠠᠨ ᠲᠠᠢ | ᠰᠢᠨ᠎ᠡ ᠶᠢᠨ ᠵᠣᠯᠭᠠᠯᠲᠠ ᠬᠢᠪᠡ᠃ | 23 ᠤ ᠦᠳᠡ ᠶᠢᠨ ᠬᠤᠶᠢᠨ᠎ᠠ᠂ ᠰᠢ ᠶᠢᠨ ᠫᠢᠩ ᠪᠧᠨ᠋ᠰᠢ ᠳᠤ ᠬᠦᠷᠴᠦ᠂ ᠠᠨᠱᠠᠨ ᠤ ᠪᠣᠯᠣᠳ ᠲᠡᠮᠦᠷ ᠤᠨ ᠪᠦᠯᠦᠭᠯᠡᠯ ᠳᠤ | ᠬᠠᠷᠢᠶᠠᠯᠠᠭᠳᠠᠬᠤ ᠪᠧᠨ᠋ᠰᠢ ᠶᠢᠨ ᠪᠣᠯᠣᠳ ᠬᠠᠪᠲᠠᠰᠤᠨ ᠤ ᠬᠦᠢᠲᠡᠨ ᠭᠡᠪᠰᠢᠭᠦᠯᠭᠡ ᠶᠢᠨ ᠶᠡᠷᠦᠩᠬᠡᠢ ᠦᠢᠯᠡᠳᠪᠦᠷᠢ ᠶᠢᠨ | ᠭᠤᠷᠪᠠᠳᠤᠭᠠᠷ ᠬᠦᠢᠲᠡᠨ ᠭᠡᠪᠰᠢᠭᠦᠯᠭᠡ ᠶᠢᠨ ᠦᠢᠯᠡᠳᠪᠦᠷᠢ ᠶᠢ ᠰᠢᠨᠵᠢᠯᠡᠨ ᠪᠠᠶᠢᠴᠠᠭᠠᠪᠠ᠃ ᠲᠡᠷᠡ ᠠᠵᠤ ᠠᠬᠤᠶᠢᠯᠠᠯ ᠤᠨ | ᠲᠥᠪᠯᠡᠷᠡᠭᠦᠯᠦᠨ ᠡᠵᠡᠮᠳᠡᠬᠦ ᠲᠥᠪ ᠲᠤ ᠲᠥᠪᠯᠡᠷᠡᠭᠦᠯᠦᠨ ᠡᠵᠡᠮᠳᠡᠬᠦ ᠣᠶᠤᠨᠴᠢ ᠰᠢᠰᠲ᠋ᠧᠮ ᠤᠨ ᠠᠵᠢᠯᠯᠠᠭᠠᠨ ᠢ ᠪᠠᠶᠢᠴᠠᠭᠠᠨ | ᠦᠵᠡᠵᠦ᠂ ᠦᠢᠯᠡᠳᠪᠦᠷᠢ ᠶᠢᠨ ᠲᠠᠰᠤᠭ ᠲᠤ ᠬᠦᠢᠲᠡᠨ ᠢᠶᠠᠷ ᠬᠡᠪᠰᠢᠭᠦᠯᠬᠦ ᠠᠵᠢᠯ ᠤᠨ ᠳᠠᠷᠠᠭᠠᠯᠠᠯ᠂ ᠮᠡᠷᠭᠡᠵᠢᠯ ᠤᠨ ᠰᠢᠨ᠎ᠡ | ᠡᠭᠦᠳᠦᠯᠲᠡ᠂ ᠦᠢᠯᠡᠳᠬᠦᠨ ᠤ ᠴᠢᠳᠠᠪᠬᠢ ᠶᠢ ᠣᠶᠢᠯᠠᠭᠠᠬᠤ ᠶᠢᠨ ᠵᠡᠷᠭᠡ ᠪᠠᠷ ᠭᠦᠳᠡᠯᠮᠦᠷᠢ ᠶᠢᠨ ᠵᠢᠱᠢᠶᠡᠴᠢ᠂ ᠵᠠᠯᠠᠭᠤ | ᠮᠡᠷᠭᠡᠵᠢᠯ ᠤᠨ ᠭᠤᠣᠯᠯᠠᠭᠴᠢ᠂ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠶᠢ ᠳᠣᠲᠣᠨᠣ ᠪᠠᠷ | ᠪᠣᠯᠭᠤᠭᠠᠨ ᠦᠵᠡᠪᠡ᠃ ᠰᠢ ᠶᠢᠨ ᠫᠢᠩ᠂ ᠦᠢᠯᠡᠳᠬᠦ ᠦᠢᠯᠡᠰ ᠤᠨ ᠬᠢᠨ ᠳᠡᠭᠡᠳᠦ ᠲᠦᠪᠰᠢᠨᠴᠢᠯᠡᠭᠰᠡᠨ᠂ ᠣᠶᠤᠨᠴᠢᠯᠠᠭᠰᠠᠨ | ᠂ ᠪᠣᠬᠢᠷᠳᠤᠯ ᠦᠭᠡᠢ ᠪᠤᠯᠭᠠᠬᠤ ᠴᠢᠭᠯᠡᠯ ᠢ ᠪᠠᠷᠢᠮᠲᠠᠯᠠᠵᠤ᠂ ᠦᠢᠯᠡᠳᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠭᠤᠯᠤᠭᠳᠠᠴᠠ ᠪᠣᠯᠣᠨ ᠨᠡᠮᠡᠯᠲᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠨᠱᠠᠨ ᠤ ᠪᠣᠯᠣᠳ ᠲᠡᠮᠦᠷ ᠤᠨ | ᠪᠦᠯᠦᠭᠯᠡᠯ ᠺᠤᠮᠫᠠᠨᠢ ᠰᠢᠭ᠋ ᠤᠯᠤᠰ ᠤᠨ ᠥᠮᠴᠢᠯᠡᠯ ᠤᠨ ᠲᠣᠮᠣ ᠠᠵᠤ ᠠᠬᠤᠶᠢᠯᠠᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | 24 ᠤ ᠦᠳᠡ ᠶᠢᠨ ᠡᠮᠦᠨ᠎ᠡ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠯᠢᠶᠣᠤᠨᠢᠩ ᠤᠨ ᠡᠯ᠎ᠡ ᠵᠦᠢᠯ ᠤᠨ | ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠬᠤ ᠲᠠᠯ᠎ᠠ ᠪᠠᠷ | ᠵᠣᠷᠢᠭᠲᠠᠢ ᠪᠠᠷ ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠯᠢᠶᠣᠤᠨᠢᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠯᠢᠶᠣᠤᠨᠢᠩ ᠤᠨ ᠬᠢᠨ ᠳᠤ ᠬᠦᠰᠡᠪᠡ᠃ ᠰᠢ ᠶᠢᠨ ᠫᠢᠩ᠂ | ᠯᠢᠶᠣᠤᠨᠢᠩ ᠤᠨ ᠠᠵᠤ ᠦᠢᠯᠡᠳᠪᠦᠷᠢ ᠶᠢᠨ ᠰᠢᠰᠲ᠋ᠧᠮ ᠨᠡᠯᠢᠶᠡᠳ ᠪᠦᠷᠢᠨ ᠲᠡᠭᠦᠯᠳᠡᠷ ᠪᠠᠶᠢᠵᠤ᠂ ᠤᠯᠠᠮᠵᠢᠯᠠᠯᠲᠤ ᠠᠵᠤ | ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠤᠯᠠᠮᠵᠢᠯᠠᠯᠲᠤ ᠠᠵᠤ | ᠦᠢᠯᠡᠰ ᠤᠨ ᠲᠠᠯ᠎ᠠ ᠪᠠᠷ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ | ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠭᠤᠣᠯᠯᠠᠭᠴᠢ ᠥᠷᠢᠰᠦᠯᠳᠦᠬᠦ ᠬᠦᠴᠦᠨ ᠢᠶᠠᠨ ᠲᠠᠰᠤᠷᠠᠯᠳᠠ | ᠦᠭᠡᠢ ᠳᠡᠭᠡᠭᠰᠢᠯᠡᠭᠦᠯᠭᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠪᠣᠶᠢᠵᠢᠭᠤᠯᠤᠨ ᠪᠤᠵᠠᠭᠠᠶᠢᠷᠠᠭᠤᠯᠬᠤ ᠶᠢᠨ ᠭᠤᠣᠯᠳᠠᠯᠭ᠎ᠠ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠪᠣᠯᠣᠨ᠎ᠠ᠃ | ᠬᠥᠭᠵᠢᠯᠲᠡ ᠶᠢᠨ ᠡᠭᠦᠷᠭᠡ ᠬᠡᠳᠦᠢ ᠬᠦᠨᠳᠦ ᠪᠤᠯᠬᠤ ᠲᠤᠳᠤᠮ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠲᠡᠳᠦᠢ ᠴᠢᠬᠤᠯᠠᠴᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠵᠡᠭᠦᠨ | ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠡᠴᠦᠰ ᠤᠨ ᠡᠴᠦᠰ ᠲᠡᠭᠡᠨ ᠥᠭᠡᠷᠡᠴᠢᠯᠡᠯᠲᠡ | ᠨᠡᠭᠡᠭᠡᠯᠲᠡ ᠳᠤ ᠲᠦᠰᠢᠭᠯᠡᠨ᠎ᠡ᠃ ᠥᠭᠡᠷᠡᠴᠢᠯᠡᠯᠲᠡ ᠶᠢ ᠠᠳᠬᠤᠬᠤ ᠳᠤ ᠤᠯᠠᠮ ᠨᠢᠭᠡ ᠠᠯᠬᠤᠮ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢ ᠲᠣᠪᠤᠶᠢᠯᠭᠠᠨ᠂ ᠬᠦᠴᠢᠷᠳᠡᠯ ᠢ ᠰᠢᠢᠳᠪᠦᠷᠢᠯᠡᠵᠦ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ︽ | ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠤᠳᠤ ᠦᠶ᠎ᠡ ᠶᠢᠨ ᠠᠵᠤ ᠠᠬᠤᠶᠢᠯᠠᠯ ᠤᠨ ᠪᠠᠶᠢᠭᠤᠯᠤᠯ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠢᠯᠡᠭᠦᠬᠡᠨ ᠬᠦᠴᠦ | ᠣᠷᠣᠭᠤᠯᠬᠤ ᠬᠡᠷᠡᠭᠲᠡᠢ᠃ ᠤᠳᠤ ᠮᠠᠨ ᠤ ᠤᠯᠤᠰ ᠨᠡᠭᠡᠭᠡᠯᠲᠡ ᠬᠢᠬᠦ ᠡᠭᠦᠳᠡ ᠪᠠᠨ ᠶᠠᠪᠤᠬᠤ ᠲᠤᠳᠤᠮ ᠶᠡᠭᠡ ᠨᠡᠭᠡᠭᠡᠵᠦ | ᠪᠠᠶᠢᠨ᠎ᠠ᠂ ᠡᠯ᠎ᠡ ᠱᠠᠲᠤᠨ ᠤ ᠺᠠᠳ᠋ᠷᠴᠤᠳ ᠨᠡᠭᠡᠭᠡᠯᠲᠡ ᠬᠢᠬᠦ ᠨᠥᠬᠦᠴᠡᠯ ᠳᠣᠣᠷ᠎ᠠ ᠠᠰᠠᠭᠤᠳᠠᠯ ᠢ ᠪᠣᠳᠣᠯᠬᠢᠯᠠᠬᠤ᠂ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠯᠢᠶᠣᠤᠨᠢᠩ ᠤᠨ ᠬᠥᠳᠡᠭᠡ ᠠᠵᠤ ᠠᠬᠤᠢ ᠶᠢᠨ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠰᠠᠭᠤᠷᠢ | ᠨᠡᠯᠢᠶᠡᠳ ᠰᠠᠶᠢᠨ ᠪᠠᠶᠢᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠶᠠᠨ ᠤ | ᠬᠤᠳᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠰᠢᠶᠠᠨ ᠰᠢᠶᠠᠩ ᠲᠣᠰᠬᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ | ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠳᠤ ᠪᠣᠳᠠᠲᠠᠢ ᠲᠠᠢ ᠤᠶᠠᠯᠳᠤᠭᠤᠯᠤᠨ | ᠭᠠᠷᠳᠠᠴᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃ | ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠲᠤᠭᠤᠰᠢᠲᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ | ᠦᠨᠡᠨ ᠪᠣᠳᠠᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠨᠡᠶᠢᠭᠡᠮ | ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠳᠤ ᠡᠯ᠎ᠡ ᠱᠠᠲᠤᠨ ᠤ ᠬᠢᠨ ᠴᠥᠮ ᠴᠢᠬᠤᠯᠠ | ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠰᠣᠶᠣᠯ ᠤᠨ ᠤᠤᠭᠠᠯ ᠡᠭᠦᠳᠦᠯᠲᠡ ᠶᠢᠨ ᠬᠦᠴᠦᠨ ᠢ ᠴᠢᠷᠮᠠᠶᠢᠨ | ᠳᠡᠭᠡᠭᠰᠢᠯᠡᠭᠦᠯᠵᠦ᠂ ᠨᠡᠩ ᠤᠯᠠᠨ ᠰᠣᠳᠣᠨ ᠪᠦᠲᠦᠭᠡᠯ ᠭᠠᠷᠭᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠣᠶᠣᠯ ᠢᠶᠠᠷ ᠬᠥᠮᠥᠰ ᠤᠨ ᠰᠡᠳᠬᠢᠯ ᠢ ᠨᠡᠩ ᠰᠠᠶᠢᠨ ᠨᠢᠭᠲᠠᠷᠠᠭᠤᠯᠵᠤ᠂ | ᠠᠷᠠᠳ ᠤᠨ ᠰᠡᠳᠬᠢᠯ ᠢ ᠳᠤᠯᠠᠭᠠᠴᠠᠭᠤᠯᠵᠤ᠂ ᠢᠲᠡᠭᠡᠯ ᠵᠣᠷᠢᠭ ᠢ ᠪᠠᠲᠤᠳᠬᠠᠵᠤ᠂ ᠥᠷᠭᠡᠨ ᠤᠯᠠᠨ ᠺᠠᠳ᠋ᠷ ᠤᠯᠠᠨ | ᠲᠦᠮᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠥᠭᠵᠢᠭᠦᠯᠦᠨ ᠮᠠᠨᠳᠤᠭᠤᠯᠬᠤ ᠣᠷᠭᠢᠯᠤᠮ᠎ᠠ ᠰᠡᠳᠬᠢᠯᠭᠡ ᠪᠣᠯᠣᠨ | ᠲᠡᠮᠡᠴᠡᠯ ᠤᠨ ᠵᠣᠷᠢᠭ ᠢ ᠭᠦᠢᠴᠡᠳ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠷᠬᠡᠪᠰᠢ ᠨᠠᠮ ᠤᠨ ᠤᠳᠤᠷᠢᠳᠤᠯᠭ᠎ᠠ ᠶᠢ ᠤᠬᠳᠤ ᠭᠤᠶᠢᠪᠢᠰᠢ ᠦᠭᠡᠢ ᠪᠠᠷᠢᠮᠲᠠᠯᠠᠵᠤ᠂ ᠡᠷᠡᠰ | ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠯᠤᠰ ᠲᠥᠷᠥ ᠶᠢᠨ ᠴᠢᠳᠠᠮᠵᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ᠂ ᠰᠤᠷᠲᠠᠯ ᠴᠢᠬᠡᠴᠢ | ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠪᠤᠶ ᠪᠣᠯᠭᠠᠨ ᠪᠠᠲᠤᠯᠠᠵᠤ᠂ ᠨᠠᠮ ᠤᠨ ᠭᠡᠰᠢᠭᠦᠨ ᠺᠠᠳ᠋ᠷ ᠢ | ᠬᠥᠮᠥᠵᠢᠭᠦᠯᠦᠨ ᠵᠢᠯᠤᠭᠤᠳᠴᠤ ᠪᠠᠶᠢᠭᠠᠳ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ | ᠪᠡᠶᠡᠯᠡᠭᠦᠯᠬᠦ ᠬᠡᠷᠡᠭᠲᠡᠢ᠂ ᠡᠲᠡᠭᠡᠷ ᠢ ᠶᠠᠮᠠᠷᠪᠠ ᠦᠶ᠎ᠡ ᠳᠤ ᠴᠦ ᠡᠷᠬᠡᠪᠰᠢ ᠴᠢᠩᠭ᠎ᠠ ᠠᠳᠬᠤᠬᠤ ᠬᠡᠷᠡᠭᠲᠡᠢ᠃ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠭᠦᠨᠵᠡᠭᠡᠢ ᠲᠤᠭᠤᠰᠢᠯᠠᠭᠤᠯᠵᠤ | ᠂ ᠡᠯ᠎ᠡ ᠱᠠᠲᠤᠨ ᠤ ᠺᠠᠳ᠋ᠷᠴᠤᠳ ᠤᠨ ᠦᠨᠡᠨ ᠬᠦ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ ᠠᠷᠢᠭᠤᠨ ᠴᠢᠬᠡᠴᠢ ᠪᠠᠶᠢᠵᠤ | ᠪᠡᠶ᠎ᠡ ᠪᠠᠨ ᠪᠠᠷᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠡᠴᠦᠰ ᠲᠤ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠬᠤ᠂ ᠴᠠᠭᠠᠨ ᠰᠠᠷ᠎ᠠ ᠶᠢᠨ | ᠵᠥᠭᠡᠭᠡᠪᠦᠷᠢ ᠶᠢ ᠲᠣᠬᠢᠷᠠᠭᠤᠯᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠢ | ᠴᠢᠩᠭᠠᠳᠬᠠᠵᠤ᠂ ᠠᠷᠠᠳ ᠤᠯᠠᠨ ᠤ ᠪᠠᠶᠠᠷ ᠤᠨ ᠡᠳᠦᠷ ᠢᠶᠠᠨ ᠪᠠᠶᠠᠷ ᠪᠠᠶᠠᠰᠤᠯ ᠲᠠᠢ ᠠᠮᠤᠷ ᠠᠮᠤᠭᠤᠯᠠᠩ ᠥᠩᠭᠡᠷᠡᠭᠦᠯᠬᠦ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | |