ᠴᠠᠭᠠᠨ ᠰᠠᠷ᠎ᠠ ᠶᠢᠨ ᠬᠤᠭᠤᠴᠠᠭᠠᠨ ᠳᠤ᠂ ᠲᠠᠨ ᠤ ᠠᠮᠤᠷ ᠲᠦᠪᠰᠢᠨ ᠪᠠ ᠭᠡᠷ ᠪᠦᠯᠢ ᠶᠢᠨ ᠵᠣᠯ ᠵᠢᠷᠭᠠᠯ ᠤᠨ ᠲᠥᠯᠥᠭᠡ᠂ | ᠳᠣᠣᠷᠠᠬᠢ ᠮᠡᠲᠦ ᠠᠮᠤᠷ ᠲᠦᠪᠰᠢᠨ ᠤ ᠵᠦᠢᠯᠡᠰ ᠢ ᠠᠩᠬᠠᠷᠤᠭᠠᠷᠠᠢ︕ | ᠭᠠᠯ ᠤᠨ ᠠᠶᠤᠯ ᠢ ᠰᠡᠷᠭᠡᠶᠢᠯᠡᠬᠦ | ᠴᠠᠭᠢᠯᠭᠠᠨ ᠢ ᠠᠶᠤᠯᠭᠦᠢ ᠬᠡᠷᠡᠭᠯᠡᠬᠦ᠄ ᠰᠢᠯᠵᠢᠮᠡᠯ ᠤᠭᠯᠠᠭᠤᠷᠭ᠎ᠠ ᠤᠭᠰᠠᠷᠠᠵᠤ ᠵᠠᠯᠭᠠᠬᠤ ᠦᠭᠡᠢ᠂ ᠳᠠᠭᠠᠭᠠᠴᠠ ᠠᠴᠠ | ᠬᠡᠲᠦᠷᠡᠭᠦᠯᠦᠨ ᠬᠡᠷᠡᠭᠯᠡᠬᠦ ᠦᠭᠡᠢ᠂ ᠬᠠᠭᠤᠴᠢᠷᠠᠭᠰᠠᠨ ᠲᠥᠬᠦᠭᠡᠷᠦᠮᠵᠢ ᠶᠢ ᠴᠠᠭ ᠲᠤᠬᠠᠢ ᠳᠤᠨᠢ ᠰᠣᠯᠢᠬᠤ ᠬᠡᠷᠡᠭᠲᠡᠢ᠃ | ᠴᠠᠭᠢᠯᠭᠠᠨ ᠭᠦᠳᠠᠯᠭᠡᠭᠦᠷᠳᠤ ᠲᠡᠷᠭᠡ ᠶᠢᠨ ᠬᠠᠮᠢᠶᠠᠷᠤᠯᠲᠠ᠄ ᠲᠣᠭᠲᠠᠭᠠᠯ ᠢ ᠵᠥᠷᠢᠴᠡᠨ ᠴᠠᠭᠢᠯᠭᠠᠨ ᠭᠦᠳᠠᠯᠭᠡᠭᠦᠷᠳᠤ | ᠲᠡᠷᠭᠡ ᠶᠢ ᠵᠣᠭᠰᠤᠭᠠᠬᠤ ᠪᠤᠶᠤ ᠴᠠᠭᠢᠯᠭᠠᠨ ᠴᠡᠨᠡᠭᠯᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠲᠦᠷ ᠴᠠᠭ ᠤᠨ | ᠴᠠᠭᠢᠯᠭᠠᠨ ᠡᠭᠦᠰᠬᠡᠭᠴᠢ᠂ ᠤᠭᠯᠠᠭᠤᠷᠭ᠎ᠠ ᠪᠠ ᠨᠡᠭᠡᠭᠡᠯᠭᠡ ᠵᠡᠷᠭᠡ ᠠᠷᠭ᠎ᠠ ᠮᠠᠶ᠋ᠢᠭ ᠢᠶᠠᠷ ᠴᠠᠭᠢᠯᠭᠠᠨ ᠴᠡᠨᠡᠭᠯᠡᠵᠦ ᠪᠤᠯᠬᠤ | ᠦᠭᠡᠢ᠃ | ᠪᠠᠶᠠᠷ ᠳᠤᠷᠠᠰᠬᠠᠯ ᠤᠨ ᠡᠳᠦᠷ ᠤᠨ ᠴᠢᠮᠡᠭᠯᠡᠯ᠄ ᠥᠩᠭᠡᠲᠦ ᠳ᠋ᠧᠩ᠂ ᠬᠤᠸᠠᠷ ᠴᠡᠴᠡᠭ ᠢᠶᠠᠷ ᠭᠤᠶᠣᠵᠢᠭᠤᠯᠬᠤ ᠳᠠᠭᠠᠨ | ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢ ᠪᠢᠲᠡᠭᠡᠢ ᠬᠠᠯᠬᠠᠯᠠ᠂ ᠭᠠᠯ ᠤᠨᠲᠠᠷᠠᠭᠠᠬᠤ ᠰᠦᠷᠴᠢᠭᠦᠷ᠂ ᠤᠳᠤᠭ᠎ᠠ | ᠶᠢᠨ ᠰᠡᠷᠡᠯ ᠤᠨ ᠬᠠᠶᠢᠭᠤᠷ ᠳᠡᠭᠡᠷ᠎ᠡ ᠡᠯᠭᠦᠵᠦ ᠪᠤᠯᠬᠤ ᠦᠭᠡᠢ᠃ | ᠠᠮᠤᠷ ᠲᠦᠪᠰᠢᠨ ᠭᠠᠷᠬᠤ ᠡᠭᠦᠳᠡ ᠶᠢ ᠰᠠᠭᠠᠳ ᠦᠭᠡᠢ ᠨᠡᠪᠲᠡᠷᠡᠭᠦᠯᠬᠦ᠄ ᠠᠮᠤᠷ ᠲᠦᠪᠰᠢᠨ ᠭᠠᠷᠬᠤ ᠡᠭᠦᠳᠡ᠂ | ᠲᠠᠷᠬᠠᠭᠠᠬᠤ ᠨᠡᠪᠲᠡᠷᠡᠬᠦ ᠵᠠᠮ ᠪᠠ ᠭᠠᠯ ᠤᠨᠲᠠᠷᠠᠭᠠᠬᠤ ᠲᠡᠷᠭᠡᠨ ᠤ ᠵᠠᠮ ᠢ ᠡᠵᠡᠯᠡᠨ ᠬᠡᠷᠡᠭᠯᠡᠬᠦ᠂ ᠪᠥᠭᠯᠡᠬᠦ᠂ ᠪᠢᠲᠡᠭᠦᠮᠵᠢᠯᠡᠬᠦ | ᠶᠢ ᠴᠢᠩᠭ᠎ᠠ ᠴᠠᠭᠠᠵᠠᠯᠠᠵᠤ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠪᠠ ᠭᠠᠯ ᠤᠨᠲᠠᠷᠠᠭᠠᠵᠤ ᠠᠶᠤᠯ ᠠᠴᠠ | ᠠᠪᠤᠷᠠᠬᠤ ᠶᠢ ᠬᠠᠷᠰᠢᠯᠠᠬᠤ ᠰᠠᠭᠠᠳ ᠢ ᠠᠷᠢᠯᠭᠠᠬᠤ ᠬᠡᠷᠡᠭᠲᠡᠢ᠃ | ᠰᠢᠲᠠᠮᠠᠬᠠᠢ ᠬᠡᠢ ᠶᠢ ᠠᠶᠤᠯᠭᠦᠢ ᠬᠡᠷᠡᠭᠯᠡᠬᠦ | ᠰᠢᠲᠠᠮᠠᠬᠠᠢ ᠬᠡᠢ ᠬᠡᠷᠡᠭᠯᠡᠬᠦ ᠦᠶ᠎ᠡ ᠳᠤ ᠡᠭᠦᠳᠡ ᠴᠣᠩᠬᠤ ᠪᠠᠨ ᠨᠡᠭᠡᠭᠡᠨ ᠰᠠᠯᠬᠢ ᠨᠠᠪᠲᠠᠷᠡᠭᠦᠯᠵᠦ᠂ ᠠᠭᠠᠷ ᠤᠨ | ᠰᠣᠯᠢᠯᠴᠠᠭ᠎ᠠ ᠶᠢ ᠪᠠᠲᠤᠯᠠᠬᠤ ᠬᠡᠷᠡᠭᠲᠡᠢ᠃ ᠰᠢᠲᠠᠮᠠᠬᠠᠢ ᠬᠡᠢ ᠶᠢ ᠬᠡᠷᠡᠭᠯᠡᠵᠦ ᠪᠠᠷᠠᠭᠰᠠᠨ ᠤ ᠲᠠᠷᠠᠭ᠎ᠠ᠂ ᠵᠤᠤᠬ᠎ᠠ ᠶᠢᠨ | ᠡᠮᠦᠨ᠎ᠡ ᠲᠠᠯ᠎ᠠ ᠶᠢᠨ ᠨᠡᠭᠡᠯᠡᠭᠡᠢ ᠶᠢ ᠬᠠᠭᠠᠬᠤ ᠬᠡᠷᠡᠭᠲᠡᠢ᠃ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠤ | ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ ᠶᠢ ᠪᠠᠶᠢᠴᠠᠭᠠᠵᠤ᠂ ᠬᠦᠴᠦᠨ ᠦᠭᠡᠢ ᠪᠣᠯᠤᠭᠰᠠᠨ ᠲᠦᠭᠰᠢᠭᠦᠷᠢ ᠶᠢ | ᠴᠠᠭ ᠲᠤᠬᠠᠢ ᠳᠤᠨᠢ ᠰᠣᠯᠢᠬᠤ ᠬᠡᠷᠡᠭᠲᠡᠢ᠃ | ᠵᠠᠮ ᠬᠠᠷᠢᠯᠴᠠᠭᠠᠨ ᠤ ᠠᠮᠤᠷ ᠲᠦᠪᠰᠢᠨ | ᠠᠷᠢᠬᠢ ᠤᠤᠭᠤᠪᠠᠯ ᠲᠡᠷᠭᠡ ᠵᠢᠯᠤᠭᠤᠳᠬᠤ ᠦᠭᠡᠢ᠂ ᠶᠠᠳᠠᠷᠠᠭᠰᠠᠨ ᠪᠠᠶᠢᠳᠠᠯ ᠳᠤ ᠲᠡᠷᠭᠡ ᠵᠢᠯᠤᠭᠤᠳᠬᠤ ᠦᠭᠡᠢ᠃ | ᠲᠡᠷᠭᠡ ᠪᠠᠨ ᠣᠨᠢᠰᠤᠯᠠᠭᠰᠠᠨ ᠤ ᠲᠠᠷᠠᠭ᠎ᠠ ᠡᠭᠦᠳᠡ ᠶᠢ ᠨᠢ ᠲᠠᠲᠠᠵᠤ ᠪᠠᠶᠢᠴᠠᠭᠠᠨ ᠦᠵᠡᠬᠦ ᠳᠠᠳᠬᠠᠯ ᠲᠠᠢ ᠪᠠᠶᠢᠬᠤ | ᠬᠡᠷᠡᠭᠲᠡᠢ᠃ ᠲᠡᠷᠭᠡᠨ ᠳᠣᠲᠣᠷ᠎ᠠ ᠦᠨᠡᠲᠡᠢ ᠪᠣᠳᠠᠰ ᠲᠠᠯᠪᠢᠵᠤ ᠪᠤᠯᠬᠤ ᠦᠭᠡᠢ᠃ | ᠢᠳᠠᠭᠡᠨ ᠤᠮᠳᠠᠭᠠᠨ ᠤ ᠠᠮᠤᠷ ᠲᠦᠪᠰᠢᠨ | ᠢᠳᠠᠭᠡᠨ ᠳᠤ ᠬᠤᠣᠷᠳᠠᠭᠳᠠᠬᠤ ᠠᠴᠠ ᠰᠡᠷᠭᠡᠶᠢᠯᠡᠨ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠵᠦ᠂ ᠰᠫᠢᠷᠲ ᠲᠤ | ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃ | ᠡᠳ᠋ ᠮᠥᠩᠭᠦᠨ ᠤ ᠠᠮᠤᠷ ᠲᠦᠪᠰᠢᠨ | ᠡᠯ᠎ᠡ ᠵᠦᠢᠯ ᠤᠨ ᠮᠡᠬᠡᠯᠡᠯ ᠢ ᠰᠡᠷᠭᠡᠶᠢᠯᠡᠵᠦ᠂ ᠡᠳ᠋ ᠬᠤᠭᠰᠢᠯ ᠢᠶᠠᠨ ᠬᠠᠮᠠᠭᠠᠯᠠᠬᠤ ᠶᠢ ᠴᠠᠭ ᠢᠮᠠᠭᠲᠠ ᠠᠩᠬᠠᠷᠤᠭᠠᠷᠠᠢ︕ | | | |